ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠨᠢᠭᠡᠳᠦᠭᠡᠷ ᠤᠯᠠᠷᠢᠯ ᠤᠨ ᠲᠡᠵᠢᠭᠡᠨ ᠦᠷᠡᠵᠢᠭᠦᠯᠬᠦ ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠤᠨ ᠰᠡᠷᠡᠮᠵᠢ ᠶᠢᠨ ᠮᠡᠳᠡᠭᠡ ᠵᠠᠩᠭᠢ ᠶᠢᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/5/11
      2024 ᠣᠨ ᠤ 1 ᠰᠠᠷ᠎ᠠ ᠠᠴᠠ 3 ᠰᠠᠷ᠎ᠠ ᠶᠢᠨ ᠬᠤᠭᠤᠷᠣᠨᠳᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ 421 ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠨᠢᠭᠡᠴᠡ ᠳᠤ ᠬᠢᠨᠠᠯᠲᠠ ᠲᠠᠯᠪᠢᠨ ᠪᠠᠶᠢᠴᠠᠭᠠᠵᠤ᠂ 3506 ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 868 ᠬᠥᠮᠥᠨ ᠤᠳᠠᠭ᠎ᠠ ᠪᠠᠶᠢᠴᠠᠭᠠᠯᠲᠠ ᠬᠢᠪᠡ᠃      ᠪᠠᠶᠢᠴᠠᠭᠠᠬᠤ ᠶᠠᠪᠤᠴᠠ ᠳᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠨᠢᠭᠡᠴᠡ ᠳᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠣᠷᠣᠭᠤᠯᠤᠯᠲᠠ ᠶᠢᠨ ᠡᠳ᠋  ᠨᠢ ᠬᠠᠤᠯᠢ ᠲᠣᠭᠲᠠᠭᠠᠯ ᠢ ᠵᠥᠷᠢᠴᠡᠨ ᠬᠡᠷᠡᠭᠯᠡᠭᠰᠡᠨ ᠦᠵᠡᠭᠳᠡᠯ ᠣᠷᠣᠰᠢᠵᠤ ᠪᠠᠶᠢᠬᠤ ᠪᠠᠶᠢᠳᠠᠯ ᠢᠯᠡᠷᠡᠭᠰᠡᠨ ᠦᠭᠡᠢ᠃ ᠡᠯ᠎ᠡ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠨᠢᠭᠡᠴᠡ ᠨᠦᠭᠦᠳ ᠤᠯᠤᠰ ᠠᠴᠠ ᠵᠥᠪᠰᠢᠶᠡᠷᠡᠭᠰᠡᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠮᠠᠯ ᠤᠨ ᠡᠮ᠂ ᠲᠡᠵᠢᠭᠡᠯ ᠪᠣᠷᠳᠤᠭ᠎ᠠ ᠪᠣᠯᠣᠨ ᠲᠡᠵᠢᠭᠡᠯ ᠪᠣᠷᠳᠣᠭᠠᠨ ᠤ ᠨᠡᠮᠡᠯᠲᠡ ᠡᠳ᠋ ᠢ ᠬᠠᠤᠯᠢ ᠶᠣᠰᠣᠭᠠᠷ ᠬᠡᠷᠡᠭᠯᠡᠵᠦ᠂ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠦᠷ᠎ᠡ ᠵᠢᠷᠠᠭᠠᠬᠠᠢ ᠶᠢ ᠣᠷᠤᠭᠤᠯᠬᠤ᠂ ᠦᠢᠯᠡᠳᠪᠦᠷᠢᠯᠡᠬᠦ᠂ ᠲᠡᠭᠡᠭᠡᠪᠦᠷᠢᠯᠡᠬᠦ ᠵᠢᠴᠢ ᠲᠡᠵᠢᠭᠡᠨ ᠦᠷᠡᠵᠢᠭᠦᠯᠬᠦ ᠡᠯ᠎ᠡ ᠵᠠᠩᠭᠢᠯᠠᠭ᠎ᠠ ᠶᠢᠨ ᠪᠦᠬᠦ ᠶᠠᠪᠤᠴᠠ ᠶᠢᠨ ᠶᠠᠰᠤ ᠴᠢᠨᠠᠷ ᠤᠨ ᠡᠵᠡᠮᠳᠡᠯ ᠢ ᠨᠠᠶᠢᠳᠠᠪᠤᠷᠢᠵᠢᠭᠤᠯᠬᠤ ᠬᠡᠷᠡᠭᠲᠡᠢ᠃                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                              2024 ᠣᠨ ᠤ 5 ᠰᠠᠷ᠎ᠠ ᠶᠢᠨ 11 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号