ᠰᠢᠯᠢ ᠶᠢᠨ ᠭᠤᠣᠯ ᠠᠶᠢᠮᠠᠭ ᠤᠨ ᠠᠳᠤᠭᠤᠨ ᠤ ᠦᠢᠯᠡᠰ ᠤᠨ ᠨᠡᠶᠢᠭᠡᠮᠯᠢᠭ ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2024/5/11
      ᠰᠢᠯᠢ ᠶᠢᠨ ᠭᠤᠣᠯ ᠠᠶᠢᠮᠠᠭ ᠤᠨ ᠠᠳᠤᠭᠤᠨ ᠤ ᠦᠢᠯᠡᠰ ᠤᠨ ᠨᠡᠶᠢᠭᠡᠮᠯᠢᠭ ᠰᠢᠯᠢᠩᠬᠤᠲᠠ ᠳᠤ ᠲᠦᠷᠦᠭᠦᠬᠡᠨ ᠵᠢᠩᠬᠢᠨᠢ ᠪᠠᠷ ᠪᠠᠶᠢᠭᠤᠯᠤᠭᠳᠠᠯ᠎ᠠ᠃ ᠲᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ᠂ ᠥᠪᠥᠷ ᠮᠣᠩᠭᠤᠯ ᠤᠨ ᠠᠳᠤᠭᠤᠨ ᠤ ᠦᠢᠯᠡᠰ ᠤᠨ ᠨᠡᠶᠢᠭᠡᠮᠯᠢᠭ ᠬᠢᠭᠡᠳ ᠰᠢᠯᠢ ᠶᠢᠨ ᠭᠤᠣᠯ ᠠᠶᠢᠮᠠᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ᠂ ᠲᠤᠬᠠᠶᠢᠯᠠᠭᠰᠠᠨ ᠠᠵᠢᠯ ᠲᠦᠷᠦᠯ ᠤᠨ ᠬᠢᠨ ᠤ ᠲᠥᠯᠥᠭᠡᠯᠡᠭᠴᠢ 80 ᠭᠠᠷᠤᠢ ᠬᠥᠮᠥᠨ ᠬᠤᠷᠠᠯ ᠳᠤ ᠣᠷᠣᠯᠴᠠᠵᠠᠢ᠃      ᠰᠢᠯᠢ ᠶᠢᠨ ᠭᠤᠣᠯ ᠠᠶᠢᠮᠠᠭ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠪᠠᠶᠢᠭᠤᠯᠤᠭᠳᠠᠭᠰᠠᠨ ᠨᠢ ᠲᠤᠰ ᠠᠶᠢᠮᠠᠭ ᠤᠨ ᠠᠳᠤᠭᠤᠨ ᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ᠂ ᠠᠳᠤᠭᠤᠨ ᠤ ᠠᠵᠤ ᠦᠢᠯᠡᠰ ᠤᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠳᠤ ᠬᠦᠴᠦᠨ ᠨᠡᠮᠡᠷᠢᠯᠡᠵᠦ᠂ ᠣᠳᠣᠬᠢᠴᠢᠯᠠᠭᠰᠠᠨ ᠠᠳᠤᠭᠤᠨ ᠤ ᠦᠢᠯᠡᠰ ᠢ ᠬᠥᠭᠵᠢᠭᠦᠯᠬᠦ᠂ ᠪᠦᠷᠢᠨᠰᠢᠭᠰᠡᠨ ᠰᠢᠰᠲ᠋ᠧᠮ ᠢ ᠪᠠᠶᠢᠭᠤᠯᠬᠤ᠂ ᠲᠣᠭᠲᠠᠴᠠ ᠶᠢᠨ ᠰᠢᠨᠡᠴᠢᠯᠡᠯᠲᠡ ᠬᠢᠬᠦ᠂ ᠴᠢᠳᠠᠪᠤᠷᠢᠲᠠᠨ ᠤ ᠡᠩᠨᠡᠭᠡ ᠶᠢ ᠥᠷᠭᠡᠵᠢᠭᠦᠯᠬᠦ ᠪᠠᠷ ᠵᠣᠷᠢᠯᠲᠠ ᠪᠠᠨ ᠪᠤᠯᠭᠠᠵᠦ᠂ ᠪᠦᠭᠦ ᠠᠶᠢᠮᠠᠭ ᠤᠨ ᠠᠳᠤᠭᠤᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃      ᠰᠢᠯᠢ ᠶᠢᠨ ᠭᠤᠣᠯ ᠠᠶᠢᠮᠠᠭ ᠪᠣᠯ ᠠᠳᠤᠭᠤᠨ ᠤ ᠡᠬᠢ ᠪᠠᠶᠠᠯᠢᠭ ᠰᠠᠶᠢᠲᠠᠢ ᠭᠠᠵᠠᠷ ᠣᠷᠣᠨ ᠪᠠᠶᠢᠵᠤ᠂ ᠣᠳᠣᠬᠠᠨ ᠳᠤ ᠲᠤᠰ ᠠᠶᠢᠮᠠᠭ ᠤᠨ ᠠᠳᠤᠭᠤᠨ ᠤ ᠲᠤᠭ᠎ᠠ ᠲᠣᠯᠣᠭᠠᠢ 26 ᠲᠦᠮᠡ ᠳᠤ ᠬᠦᠷᠴᠦ᠂ ᠪᠦᠭᠦ ᠣᠷᠣᠨ ᠤ ᠤᠳᠤ ᠪᠠᠶᠢᠭ᠎ᠠ ᠠᠳᠤᠭᠤᠨ ᠤ 30% ᠶᠢ ᠡᠵᠡᠯᠡᠵᠦ᠂ ᠤᠯᠠᠮᠵᠢᠯᠠᠯᠲᠤ ᠠᠳᠤᠭᠤᠨ ᠤ ᠦᠢᠯᠡᠰ ᠤᠨ ᠲᠠᠯ᠎ᠠ ᠪᠠᠷ ᠪᠦᠭᠦ ᠤᠯᠤᠰ ᠲᠤ ᠴᠤ ᠴᠢᠬᠤᠯᠠ ᠪᠠᠶᠢᠷᠢ ᠰᠠᠭᠤᠷᠢ ᠲᠠᠢ ᠶᠤᠮ᠃ ᠣᠶᠢᠷ᠎ᠠ ᠶᠢᠨ ᠵᠢᠯ ᠳᠤ᠂ ᠲᠤᠰ ᠠᠶᠢᠮᠠᠭ ᠭᠦᠨ ᠵᠤᠵᠠᠭᠠᠨ ᠠᠳᠤᠭᠤᠨ ᠰᠣᠶᠣᠯ ᠤᠨ ᠠᠭᠤᠯᠬᠤᠨ ᠪᠠ ᠠᠳᠤᠭᠤᠨ ᠤ ᠠᠵᠤ ᠦᠢᠯᠡᠰ ᠤᠨ ᠳᠠᠪᠠᠭᠤᠯᠢᠭ ᠲᠠᠭᠠᠨ ᠰᠠᠭᠤᠷᠢᠯᠠᠨ᠂ ᠤᠷᠢᠳ ᠬᠤᠵᠢᠳ ᠤᠯᠤᠰ ᠤᠨ ᠲᠡᠰ ᠤᠨ ᠮᠣᠩᠭᠤᠯ ᠠᠳᠤᠭᠤᠨ ᠤ ᠬᠠᠮᠠᠭᠠᠯᠠᠯᠲᠠ ᠶᠢᠨ ᠣᠷᠣᠨ᠂ ᠥᠪᠡᠷᠲᠡᠭᠡᠨ ᠵᠠᠰᠠᠬᠤ ᠣᠷᠣᠨ ᠤ ᠲᠡᠰ ᠤᠨ ᠮᠣᠩᠭᠤᠯ ᠠᠳᠤᠭᠤᠨ ᠤ ᠡᠭᠦᠯᠳᠡᠷ ᠢ ᠦᠷᠡᠵᠢᠭᠦᠯᠬᠦ ᠲᠠᠯᠠᠪᠠᠢ᠂ ᠥᠪᠡᠷᠲᠡᠭᠡᠨ ᠵᠠᠰᠠᠬᠤ ᠣᠷᠣᠨ ᠤ ᠲᠡᠰ ᠤᠨ ᠮᠣᠩᠭᠤᠯ ᠠᠳᠤᠭᠤᠨ ᠤ ᠭᠤᠣᠯᠳᠠᠯᠭᠠᠲᠤ ᠡᠭᠦᠯᠳᠡᠷ ᠪᠣᠶᠢᠵᠢᠭᠤᠯᠬᠤ ᠲᠠᠯᠠᠪᠠᠢ ᠪᠠ ᠠᠵᠢᠷᠭ᠎ᠠ ᠶᠢᠨ ᠲᠠᠯᠠᠪᠠᠢ ᠶᠢ ᠪᠠᠶᠢᠭᠤᠯᠵᠤ᠂ ᠮᠣᠩᠭᠤᠯ ᠠᠳᠤᠭᠤᠨ ᠤ ᠡᠭᠦᠯᠳᠡᠷ ᠢ ᠪᠦᠲᠦᠮᠵᠢᠳᠡᠢ ᠪᠠᠷ ᠬᠠᠮᠠᠭᠠᠯᠠᠨ ᠦᠷᠡᠵᠢᠭᠦᠯᠵᠦ᠂ ᠮᠣᠩᠭᠤᠯ ᠠᠳᠤᠭᠤᠨ ᠤ ᠡᠭᠦᠯᠳᠡᠷ ᠢ ᠰᠢᠰᠲ᠋ᠧᠮ ᠲᠠᠢ ᠬᠠᠮᠠᠭᠠᠯᠠᠪᠠ᠃ ᠢᠩᠭᠢᠭᠰᠡᠨ ᠰᠠᠭᠤᠷᠢᠨ ᠳᠡᠭᠡᠷ᠎ᠡ ᠪᠠᠰᠠ ᠲᠤᠰᠬᠠᠢ ᠬᠡᠷᠡᠭᠯᠡᠯᠲᠡ ᠳᠤ ᠵᠣᠷᠢᠭᠤᠯᠤᠭᠰᠠᠨ ᠠᠳᠤᠭᠤᠨ ᠤ ᠡᠭᠦᠯᠳᠡᠷ ᠢ ᠪᠣᠶᠢᠵᠢᠭᠤᠯᠬᠤ ᠶᠢ ᠣᠨᠴᠠ ᠠᠩᠬᠠᠷᠴᠤ᠂ ᠰᠦᠨ ᠬᠡᠷᠡᠭᠴᠡᠭᠡᠲᠦ ᠠᠳᠤᠭᠤ᠂ Pony ᠠᠳᠤᠭᠤᠨ ᠤ ᠨᠡᠷᠡᠲᠤ ᠲᠡᠮᠳᠡᠭ ᠵᠡᠷᠭᠡ ᠶᠢ ᠪᠣᠶᠢᠵᠢᠭᠤᠯᠵᠤ᠂ ᠠᠳᠤᠭᠤᠨ ᠤ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠨ᠂ ᠠᠳᠤᠭᠤᠨ ᠤ ᠠᠵᠤ ᠠᠬᠤᠢ ᠪᠠ ᠨᠡᠶᠢᠭᠡᠮ ᠤᠨ ᠦᠷ᠎ᠡ ᠠᠰᠢᠭ ᠢ ᠮᠡᠳᠡᠭᠳᠡᠮ᠎ᠡ ᠳᠡᠭᠡᠭᠰᠢᠯᠡᠭᠦᠯᠦᠭᠰᠡᠨ ᠪᠠᠶᠢᠨ᠎ᠠ᠃      ᠰᠢᠯᠢ ᠶᠢᠨ ᠭᠤᠣᠯ ᠠᠶᠢᠮᠠᠭ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠪᠥᠬᠡᠴᠢᠯᠠᠭᠤ ᠢᠯᠡᠷᠬᠡᠶᠢᠯᠡᠬᠦ ᠳᠡᠭᠡᠨ᠂ ᠨᠡᠶᠢᠭᠡᠮᠯᠢᠭ ᠨᠢ ᠪᠦᠭᠦ ᠠᠶᠢᠮᠠᠭ ᠤᠨ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠡᠷᠢᠯᠬᠢᠯᠡᠵᠦ᠂ ᠠᠵᠤ ᠦᠢᠯᠡᠰ ᠤᠨ ᠬᠥᠭᠵᠢᠯᠲᠡ ᠶᠢᠨ ᠲᠣᠭᠲᠠᠴᠠ ᠶᠢ ᠰᠢᠯᠢᠳᠡᠭᠵᠢᠭᠦᠯᠬᠦ ᠶᠢ ᠵᠣᠷᠢᠨ᠂ ᠵᠠᠬ᠎ᠠ ᠳᠡᠯᠭᠡᠭᠦᠷ ᠤᠨ ᠣᠷᠣᠨ ᠵᠠᠢ ᠶᠢ ᠤᠯᠠᠮ ᠲᠡᠯᠡᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ  ᠶᠢ ᠳᠠᠶᠢᠴᠢᠯᠠᠬᠤ ᠳᠤᠮᠳᠠ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠰᠢᠯᠢ ᠶᠢᠨ ᠭᠤᠣᠯ ᠠᠶᠢᠮᠠᠭ ᠤᠨ ᠣᠳᠣᠬᠢᠴᠢᠯᠠᠭᠰᠠᠨ ᠠᠳᠤᠭᠤᠨ ᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠳᠤ ᠬᠦᠴᠦᠨ ᠵᠢᠳᠬᠦᠯ ᠢᠶᠠᠨ ᠨᠡᠮᠡᠷᠢᠯᠡᠨ᠎ᠡ ᠭᠡᠯ᠎ᠡ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号