2024 ᠣᠨ ᠳᠤ ᠬᠥᠯᠥᠨ ᠪᠤᠶᠢᠷ ᠬᠤᠲᠠ ᠶᠢᠨ ᠲᠠᠷᠢᠶ᠎ᠠ ᠦᠵᠡᠵᠦ ᠦᠷ᠎ᠡ ᠰᠣᠩᠭᠤᠬᠤ ᠲᠠᠪᠴᠠᠩ ᠵᠠᠯᠭᠠᠭ᠎ᠠ ᠪᠠᠷ ᠲᠠᠷᠢᠵᠤ ᠪᠠᠶᠢᠨ᠎ᠠ
ᠨᠡᠶᠢᠲᠡᠯᠡᠭᠰᠡᠨ ᠴᠠᠭ᠄
2024/5/13
      5 ᠰᠠᠷ᠎ᠠ ᠶᠢᠨ 4 ᠤ ᠡᠳᠦᠷ ᠠᠴᠠ ᠡᠬᠢᠯᠡᠨ᠂ ᠬᠥᠯᠥᠨ ᠪᠤᠶᠢᠷ ᠬᠤᠲᠠ ᠶᠢᠨ 8 ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠵᠠᠯᠭᠠᠭ᠎ᠠ ᠪᠠᠷ ᠳᠠᠷᠢᠵᠤ᠂ ᠨᠡᠶᠢᠲᠡ ᠲᠠᠯᠠᠪᠠᠶ ᠨᠢ 1000 ᠮᠦ ᠶᠢᠨ ᠵᠢᠱᠢᠶ᠎ᠡ ᠦᠵᠡᠭᠦᠯᠬᠦ ᠰᠢᠷ᠎ᠠ ᠪᠤᠷᠴᠠᠭ᠂ ᠡᠷᠳᠡᠨᠢ ᠰᠢᠰᠢ᠂ ᠪᠤᠭᠤᠳᠠᠢ᠂ ᠲᠥᠮᠥᠰᠥ ᠵᠡᠷᠭᠡ 262 ᠰᠢᠨ᠎ᠡ ᠡᠭᠦᠯᠳᠡᠷ  ᠢ ᠳᠡᠯᠭᠡᠨ ᠦᠵᠡᠭᠦᠯᠦᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳᠤ ᠬᠥᠯᠥᠨ ᠪᠤᠶᠢᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠡᠯ᠎ᠡ ᠲᠠᠪᠴᠠᠩ ᠢ ᠦᠷᠭᠦᠯᠵᠢᠯᠡᠨ ᠵᠢᠯᠤᠭᠤᠳᠴᠤ ᠲᠠᠷᠢᠶᠠᠨ ᠭᠠᠵᠠᠷ ᠤᠨ ᠠᠵᠢᠭᠯᠠᠯᠲᠠ ᠶᠢᠨ ᠲᠡᠮᠳᠡᠭᠯᠡᠯ᠂ ᠲᠤᠬᠠᠢ ᠶᠢᠨ ᠲᠠᠯᠠᠪᠤᠷ ᠤᠨ ᠦᠵᠡᠭᠦᠯᠭᠡ᠂ ᠲᠤᠰᠬᠠᠢ ᠮᠡᠷᠭᠡᠵᠢᠯᠲᠡᠨ ᠤ ᠬᠢᠨᠠᠨ ᠦᠨᠡᠯᠡᠯᠲᠡ᠂ ᠬᠤᠷᠢᠶᠠᠯᠲᠠ ᠶᠢᠨ ᠤᠨᠠᠯᠲᠠ ᠶᠢᠨ ᠬᠡᠮᠵᠢᠯᠲᠡ ᠶᠢᠨ ᠶᠡᠷᠦᠩᠬᠡᠶᠢᠯᠡᠭᠰᠡᠨ ᠦᠨᠡᠯᠡᠯᠲᠡ ᠶᠢ ᠬᠢᠵᠦ᠂ 2024 ᠣᠨ ᠤ ᠲᠠᠷᠢᠶ᠎ᠠ ᠦᠵᠡᠵᠦ ᠦᠷ᠎ᠡ ᠰᠣᠩᠭᠤᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠬᠥᠯᠥᠨ ᠪᠤᠶᠢᠷ ᠬᠤᠲᠠ ᠶᠢᠨ ᠡᠯ᠎ᠡ ᠳᠤᠯᠠᠭᠠᠨ ᠬᠤᠷᠠᠮᠳᠤᠭᠰᠠᠨ ᠣᠷᠣᠨ ᠳᠤ ᠳᠠᠷᠢᠬᠤ ᠳᠤ ᠲᠣᠬᠢᠷᠠᠬᠤ ᠰᠢᠯᠢᠳᠡᠭ ᠡᠭᠦᠯᠳᠡᠷ ᠢ ᠰᠣᠩᠭᠤᠨ ᠲᠠᠨᠢᠯᠴᠠᠭᠤᠯᠵᠤ᠂ ᠰᠢᠨ᠎ᠡ ᠡᠭᠦᠯᠳᠡᠷ ᠢ ᠳᠡᠯᠭᠡᠷᠡᠭᠦᠯᠦᠨ ᠳᠠᠷᠢᠬᠤ ᠶᠢ ᠠᠬᠢᠭᠤᠯᠤᠨ᠂ ᠰᠠᠶᠢᠨ ᠡᠭᠦᠯᠳᠡᠷ ᠤᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃
图片1.png
 
ᠢᠷᠡᠯᠲᠡ᠄ ᠬᠦᠯᠦᠨ ᠪᠣᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号