ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠡᠯᠰᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/5/13
      ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠳᠠᠯᠳᠤᠨ ᠠᠪᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠢᠯᠡ᠂ ᠡᠷᠬᠡ ᠲᠡᠭᠰᠢ᠂ ᠲᠥᠪ ᠭᠤᠥᠯᠴᠢ ᠪᠠ ᠥᠷᠢᠰᠦᠯᠳᠦᠬᠦ᠂ ᠰᠢᠯᠢᠳᠡᠭ ᠢ ᠨᠢ ᠰᠣᠩᠭᠤᠬᠤ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠬᠤ ᠶᠢᠨ ᠲᠤᠰᠠᠳᠠ᠂ ᠰᠤᠳᠤᠯᠤᠨ ᠲᠣᠭᠲᠠᠭᠠᠬᠤ ᠪᠠᠷ ᠳᠡᠮᠵᠢᠨ᠂ ᠡᠳᠦᠭᠡ ᠨᠡᠶᠢᠭᠡᠮ ᠨᠡᠶᠢᠲᠡ ᠠᠴᠠ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠢᠯᠡ ᠪᠠᠷ ᠡᠯᠰᠡᠨ ᠴᠤᠭᠯᠠᠭᠤᠯᠵᠤ᠂ ᠡᠳᠦᠭᠡ ᠡᠯᠰᠡᠨ ᠴᠤᠭᠯᠠᠭᠤᠯᠬᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠵᠤ ᠪᠠᠶᠢᠨ᠎ᠠ᠄      ᠨᠢᠭᠡ᠂ ᠡᠯᠰᠡᠨ ᠴᠤᠭᠯᠠᠭᠤᠯᠬᠤ ᠨᠢᠭᠡᠴᠢ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠦᠪ      ᠬᠤᠶᠠᠷ᠂ ᠡᠯᠰᠡᠨ ᠴᠤᠭᠯᠠᠭᠤᠯᠬᠤ ᠣᠷᠣᠯᠠᠨ ᠭᠦᠢᠴᠡᠳᠬᠡᠬᠦ ᠲᠥᠷᠥᠯ ᠵᠦᠢᠯᠥᠪᠥᠷ ᠮᠣᠩᠭᠤᠯ ᠤᠨ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠵᠠᠰᠠᠭ ᠤᠨ ᠣᠷᠳᠣᠨ ᠤ ᠡᠳ᠋ ᠪᠠᠷᠠᠭ᠎ᠠ᠂ ᠦᠢᠯᠡᠴᠢᠯᠡᠭᠡᠨ ᠤ ᠲᠥᠷᠥᠯ᠂ ᠢᠨᠵᠧᠨᠧᠷᠢᠩ ᠤᠨ ᠲᠥᠷᠥᠯ ᠤᠨ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠠᠵᠢᠯ ᠢ ᠡᠭᠦᠷᠭᠡᠯᠡᠨ᠎ᠡ᠃      ᠭᠤᠷᠪᠠ᠂ ᠨᠠᠶᠢᠳᠠᠯᠭ᠎ᠠ ᠪᠠᠷ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠠᠵᠢᠯ ᠤᠨ ᠠᠭᠤᠯᠭ᠎ᠠ      ︵ᠨᠢᠭᠡ︶ ᠬᠤᠳᠠᠯᠳᠤᠨ ᠠᠪᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠵᠢᠴᠢ ᠬᠤᠳᠠᠯᠳᠤᠨ ᠠᠪᠬᠤ ᠶᠢᠨ ᠡᠮᠦᠨᠡᠬᠢ ᠬᠤᠭᠤᠴᠠᠭᠠᠨ ᠤ ᠯᠠᠪᠯᠠᠯᠭ᠎ᠠ ᠬᠠᠩᠭᠠᠬᠤ᠂ ᠭᠡᠷ᠎ᠡ ᠲᠣᠭᠲᠠᠭᠠᠬᠤ ᠵᠡᠷᠭᠡ ᠤᠴᠢᠷ ᠶᠠᠪᠤᠳᠠᠯ ᠤᠳ᠃      ︵ᠬᠤᠶᠠᠷ︶ ᠬᠤᠳᠠᠯᠳᠤᠨ ᠠᠪᠬᠤ ᠪᠥᠬᠦ ᠶᠠᠪᠤᠴᠠ ᠶᠢ ᠲᠡᠮᠳᠡᠭᠯᠡᠵᠦ᠂ ᠬᠤᠳᠠᠯᠳᠤᠨ ᠠᠪᠬᠤ ᠪᠥᠬᠦ ᠶᠠᠪᠤᠴᠠ ᠶᠢᠨ ᠮᠠᠲ᠋ᠧᠷᠢᠶᠠᠯ ᠪᠢᠴᠢᠭ ᠮᠠᠲ᠋ᠧᠷᠢᠶᠠᠯ ᠢ ᠡᠮᠬᠢᠯᠡᠬᠦ ᠶᠢᠨ ᠬᠠᠮᠲᠤ᠂ ᠬᠤᠳᠠᠯᠳᠤᠨ ᠠᠪᠬᠤ ᠠᠵᠢᠯ ᠢ ᠪᠡᠶᠡᠯᠡᠭᠦᠯᠦᠭᠰᠡᠨ 10 ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠲᠤ ᠰᠢᠯᠵᠢᠭᠦᠯᠦᠨ ᠲᠤᠰᠢᠶᠠᠨ᠎ᠠ᠃      ︵ᠭᠤᠷᠪᠠ︶ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠣᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠪᠡᠶᠡᠯᠡᠭᠦᠯᠬᠦ ᠴᠢᠬᠤᠯᠠ ᠲᠠᠢ ᠠᠵᠢᠯ᠃      ᠳᠥᠷᠪᠡ᠂ ᠬᠢᠷᠢ ᠬᠡᠮ ᠤᠨ ᠨᠥᠬᠦᠴᠡᠯ      ︵ᠨᠢᠭᠡ︶ ᠡᠷᠬᠡᠪᠰᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃      1.ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ ᠬᠡᠷᠡᠭᠲᠡᠢ︔      2.ᠰᠠᠶᠢᠨ ᠰᠠᠶᠢᠬᠠᠨ ᠬᠤᠳᠠᠯᠳᠤᠭᠠᠨ ᠤ ᠢᠲᠡᠭᠡᠯ ᠬᠦᠨᠳᠦ ᠲᠠᠢ ᠪᠥᠭᠡᠳ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠳᠦᠷᠢᠮ ᠲᠠᠢ ᠪᠠᠶᠢᠬᠤ ᠬᠡᠷᠡᠭᠲᠡᠢ︔      3.ᠣᠷᠣᠯᠠᠨ ᠳᠠᠭᠠᠭᠠᠴᠢᠯᠠᠯᠲᠠ ᠵᠠᠷᠯᠠᠬᠤ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠲᠥᠬᠦᠭᠡᠷᠦᠮᠵᠢ ᠪᠠ ᠲᠤᠰᠬᠠᠢ ᠮᠡᠷᠭᠡᠵᠢᠯ ᠤᠨ ᠴᠢᠳᠠᠪᠤᠷᠢ ᠲᠠᠢ ᠪᠠᠶᠢᠬᠤ ᠬᠡᠷᠡᠭᠲᠡᠢ︔      4.ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠬᠠᠤᠯᠢ ᠶᠣᠰᠣᠭᠠᠷ ᠲᠤᠰᠢᠶᠠᠭᠰᠠᠨ ᠰᠠᠶᠢᠨ ᠲᠡᠮᠳᠡᠭᠯᠡᠯ ᠲᠠᠢ ᠪᠠᠶᠢᠬᠤ ᠬᠡᠷᠡᠭᠲᠡᠢ︔      5.ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ︵2021 ᠣᠨ ᠤ 1 ᠰᠠᠷ᠎ᠠ ᠶᠢᠨ 1 ᠤ ᠡᠳᠦᠷ ᠠᠴᠠ ᠭᠤᠶᠤᠴᠢᠯᠠᠯ ᠤᠨ ᠪᠢᠴᠢᠭ ᠮᠠᠲ᠋ᠧᠷᠢᠶᠠᠯ ᠢᠶᠠᠨ ᠲᠤᠰᠢᠶᠠᠬᠤ ᠡᠴᠦᠰ ᠤᠨ ᠬᠤᠭᠤᠴᠠᠭ᠎ᠠ ᠬᠦᠷᠲᠡᠯ᠎ᠡ︶ ᠤᠨ ᠳᠣᠲᠣᠷ᠎ᠠ᠂ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠦᠨᠳᠦ ᠶᠡᠭᠡ ᠬᠠᠤᠯᠢ ᠠᠴᠠ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︵www.ccgp.gov.cn︶ ᠶᠢᠨ ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠢ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ︾ ᠲᠤ ᠵᠢᠭᠰᠠᠭᠠᠭᠳᠠᠭᠰᠠᠨ ᠦᠭᠡᠢ︔ ︽ᠢᠲᠡᠭᠡᠮᠵᠢᠲᠦ ᠳᠤᠮᠳᠠᠳᠤ ᠤᠯᠤᠰ︾ ᠤᠨ ᠰᠦᠯᠵᠢᠶ᠎ᠡ ︵www.creditchina.gov.cn︶ ᠶᠢᠨ ᠢᠲᠡᠭᠡᠯ ᠠᠯᠳᠠᠭᠰᠠᠨ ᠭᠦᠢᠴᠡᠳᠬᠡᠭᠳᠡᠭᠴᠢ᠂ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠵᠥᠷᠢᠴᠡᠭᠰᠡᠨ ᠬᠡᠷᠡᠭ ᠤᠨ ᠲᠤᠬᠠᠢ ᠶᠢᠨ ᠬᠥᠮᠥᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠬᠠᠤᠯᠢ ᠵᠥᠷᠢᠴᠡᠭᠰᠡᠨ ᠬᠦᠨᠳᠦ ᠨᠣᠴᠢᠲᠠᠢ ᠢᠲᠡᠭᠡᠯ ᠠᠯᠳᠠᠭᠰᠠᠨ ᠨᠡᠷᠡᠰ ᠲᠤ ᠵᠢᠭᠰᠠᠭᠠᠭᠳᠠᠭᠰᠠᠨ ᠦᠭᠡᠢ᠂ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠦᠨᠳᠦ ᠶᠡᠭᠡ ᠬᠠᠤᠯᠢ ᠰᠠᠬᠢᠯᠭ᠎ᠠ ᠶᠢ ᠵᠥᠷᠢᠴᠡᠭᠰᠡᠨ  ᠲᠡᠮᠳᠡᠭᠯᠡᠯ ᠵᠢᠴᠢ ᠮᠠᠭᠤ ᠦᠶᠯᠡ ᠠᠵᠢᠯᠯᠠᠭ᠎ᠠ ᠶᠢᠨ ᠲᠡᠮᠳᠡᠭᠯᠡᠯ ᠪᠠᠶᠢᠬᠤ ᠦᠭᠡᠢ ᠪᠥᠭᠡᠳ ︽ᠢᠲᠡᠭᠡᠮᠵᠢᠲᠦ ᠳᠤᠮᠳᠠᠳᠤ ᠤᠯᠤᠰ︾ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠮᠠᠭᠤ ᠦᠶᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ︾ ᠤᠨ ᠪᠠᠶᠢᠴᠠᠭᠠᠨ ᠯᠠᠪᠯᠠᠯᠲᠠ ᠶᠢᠨ ᠵᠢᠷᠤᠭ ᠢ ᠬᠠᠩᠭᠠᠬᠤ ᠬᠡᠷᠡᠭᠲᠡᠢ᠃      ︵ᠬᠤᠶᠠᠷ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︵ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠰᠦᠯᠵᠢᠶ᠎ᠡ︶ ᠳᠤ ᠳᠠᠩᠰᠠᠯᠠᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠬᠠᠮᠢᠶ᠎ᠠ ᠪᠦᠬᠦᠢ ᠭᠡᠷᠡᠴᠢ ᠪᠠᠶᠢᠬᠤ ᠬᠡᠷᠡᠭᠲᠡᠢ᠃      ︵ᠭᠤᠷᠪᠠ︶ ᠨᠢᠭᠡᠴᠡ ᠶᠢᠨ ᠬᠠᠷᠢᠭᠤᠴᠠᠯᠭᠠᠲᠠᠨ ᠨᠢ ᠠᠳᠠᠯᠢ ᠨᠢᠭᠡ ᠬᠥᠮᠥᠨ ᠪᠤᠶᠤ ᠰᠢᠭᠤᠳ ᠬᠤᠪᠢ ᠡᠵᠡᠮᠳᠡᠬᠦ᠂ ᠬᠠᠮᠢᠶᠠᠷᠬᠤ ᠬᠠᠷᠢᠴᠠᠭ᠎ᠠ ᠲᠠᠢ ᠠᠳᠠᠯᠢ ᠪᠤᠰᠤ ᠭᠤᠶᠤᠴᠢᠯᠠᠭᠴᠢ ᠪᠠᠶᠢᠪᠠᠯ᠂ ᠲᠣᠰ ᠡᠯᠰᠡᠨ ᠴᠤᠭᠯᠠᠭᠤᠯᠬᠤ ᠠᠵᠢᠯᠯᠠᠭ᠎ᠠ ᠳᠤ ᠵᠡᠷᠭᠡᠪᠡᠷ ᠣᠷᠣᠯᠴᠠᠵᠤ ᠪᠣᠯᠬᠤ ᠦᠭᠡᠢ᠃      ︵ᠳᠥᠷᠪᠡ︶ ᠲᠣᠰ ᠲᠥᠷᠥᠯ ᠵᠦᠢᠯ ᠳᠤ ᠭᠤᠶᠤᠴᠢᠯᠠᠭᠴᠢ ᠶᠢᠨ ᠬᠤᠯᠪᠣᠭᠠᠲᠤ ᠴᠣᠭᠴᠠ ᠶᠢᠨ ᠬᠡᠯᠪᠡᠷᠢ ᠪᠠᠷ ᠲᠣᠰ ᠡᠯᠰᠡᠬᠦ ᠠᠵᠢᠯᠯᠠᠭ᠎ᠠ ᠳᠤ ᠣᠷᠣᠯᠴᠠᠬᠤ ᠶᠢ ᠭᠥᠯᠢᠶᠡᠨ ᠠᠪᠬᠤ ᠦᠭᠡᠢ᠃      ᠲᠠᠪᠤ᠂ ᠨᠡᠷ᠎ᠡ ᠮᠡᠳᠡᠭᠦᠯᠬᠦ ᠳᠤ ᠬᠡᠷᠡᠭᠰᠡᠬᠦ ᠮᠠᠲ᠋ᠧᠷᠢᠶᠠᠯ      ︵ᠨᠢᠭᠡ︶ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ︵ᠡᠵᠡᠩᠨᠡᠯᠲᠡ ᠶᠢᠨ ᠦᠨᠡᠮᠯᠡᠯ᠂ ᠭᠠᠶᠢᠯᠢ ᠶᠢᠨ ᠶᠠᠪᠤᠳᠠᠯ ᠢ ᠳᠠᠩᠰᠠᠯᠠᠭᠤᠯᠤᠭᠰᠠᠨ ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠲᠡᠮᠳᠡᠭ ᠤᠨ ᠦᠨᠡᠮᠯᠡᠯ ᠪᠤᠶᠤ ᠭᠤᠷᠪᠠᠨ ᠦᠨᠡᠮᠯᠡᠯ ᠢ ᠨᠢᠭᠡᠳᠬᠡᠭᠰᠡᠨ ᠡᠵᠡᠩᠨᠡᠯᠲᠡ ᠶᠢᠨ ᠦᠨᠡᠮᠯᠡᠯ ᠤᠨ ᠪᠠᠭᠤᠯᠭᠠᠪᠤᠷᠢ ᠳᠤ ᠰᠢᠨ᠎ᠡ ᠲᠠᠮᠠᠭ᠎ᠠ ᠳᠠᠷᠤᠵᠤ᠂ ᠤᠤᠯ ᠮᠠᠲ᠋ᠧᠷᠢᠶᠠᠯ ᠢ ᠪᠠᠶᠢᠴᠠᠭᠠᠬᠤ ᠳᠤ ᠪᠡᠯᠡᠳᠬᠡᠬᠦ ᠬᠡᠷᠡᠭᠲᠡᠢ︶ ᠪᠠᠶᠢᠬᠤ ᠬᠡᠷᠡᠭᠲᠡᠢ︔      ︵ᠬᠤᠶᠠᠷ︶ ᠳᠠᠭᠠᠭᠠᠴᠢᠯᠠᠯᠲᠠ ᠨᠡᠶᠢᠲᠡᠯᠡᠬᠦ᠂ ᠳᠠᠭᠠᠭᠠᠴᠢᠯᠠᠯᠲᠠ ᠦᠨᠡᠯᠡᠬᠦ ᠵᠢᠷᠤᠮᠵᠢᠭᠰᠠᠨ ᠲᠠᠯᠠᠪᠤᠷ ᠭᠠᠵᠠᠷ ᠢ ᠪᠦᠷᠢᠳᠦᠭᠦᠯᠬᠦ ᠶᠢᠨ ᠬᠠᠮᠲᠤ ᠲᠣᠭᠲᠠᠮᠠᠯ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠪᠠᠶᠢᠬᠤ ᠬᠡᠷᠡᠭᠲᠡᠢ ︵ᠲᠠᠯᠠᠪᠤᠷ ᠭᠠᠵᠠᠷ ᠢ ᠬᠢᠨᠠᠨ ᠡᠵᠡᠮᠳᠡᠬᠦ᠂ ᠳᠠᠭᠠᠭᠠᠴᠢᠯᠠᠯᠲᠠ ᠨᠡᠶᠢᠲᠡᠯᠡᠬᠦ᠂ ᠳᠠᠭᠠᠭᠠᠴᠢᠯᠠᠯᠲᠠ ᠦᠨᠡᠯᠡᠬᠦ ᠲᠠᠰᠤᠭ᠂ ᠮᠠᠲ᠋ᠧᠷᠢᠶᠠᠯ ᠤᠨ ᠲᠠᠰᠤᠭ᠂ ᠰᠦᠯᠵᠢᠶᠡᠨ ᠳᠡᠭᠡᠷᠡᠬᠢ ᠳᠠᠭᠠᠭᠠᠴᠢᠯᠠᠯᠲᠠ ᠦᠨᠡᠯᠡᠬᠦ ᠨᠥᠬᠦᠴᠡᠯ ᠵᠡᠷᠭᠡ ᠪᠡᠯᠡᠳᠬᠡᠮᠵᠢ ᠶᠢ ᠬᠠᠩᠭᠠᠭᠰᠠᠨ ᠪᠤᠳᠤᠭᠲᠤ ᠳᠠᠷᠤᠮᠠᠯᠯᠠᠭᠰᠠᠨ ᠬᠡᠷᠡᠯ ᠵᠢᠷᠤᠭ᠂ ᠳᠡᠭᠡᠷ᠎ᠡ ᠳᠤᠷᠠᠳᠤᠭᠰᠠᠨ ᠮᠠᠲ᠋ᠧᠷᠢᠶᠠᠯ ᠳᠤ ᠴᠥᠮ ᠰᠢᠨ᠎ᠡ ᠲᠠᠮᠠᠭ᠎ᠠ ᠳᠠᠷᠤᠬᠤ ᠬᠡᠷᠡᠭᠲᠡᠢ︶︔      ︵ᠭᠤᠷᠪᠠ︶ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︵ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠰᠦᠯᠵᠢᠶ᠎ᠡ︶ ᠳᠤ ᠳᠠᠩᠰᠠᠯᠠᠭᠤᠯᠤᠭᠰᠠᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ︵ᠵᠢᠷᠤᠭ︶ ᠪᠠᠶᠢᠬᠤ ᠬᠡᠷᠡᠭᠲᠡᠢ︔      ︵ᠳᠥᠷᠪᠡ︶ ᠭᠠᠶᠢᠯᠢ ᠲᠠᠲᠠᠪᠤᠷᠢ ᠪᠠ ᠨᠡᠶᠢᠭᠡᠮ ᠤᠨ ᠳᠠᠭᠠᠳᠬᠠᠯ ᠤᠨ ᠲᠤᠰᠢᠶᠠᠭᠰᠠᠨ ᠭᠡᠷᠡᠴᠢ ᠶᠢ ᠬᠠᠤᠯᠢ ᠶᠣᠰᠣᠭᠠᠷ ᠲᠤᠰᠢᠶᠠᠭᠰᠠᠨ ᠭᠡᠷᠡᠴᠢ ᠮᠠᠲ᠋ᠧᠷᠢᠶᠠᠯ ᠪᠤᠶᠤ ᠠᠮᠠᠯᠠᠯᠲᠠ ᠪᠠᠶᠢᠬᠤ ᠬᠡᠷᠡᠭᠲᠡᠢ︔      ︵ᠲᠠᠪᠤ︶ ᠣᠶᠢᠷ᠎ᠠ ᠶᠢᠨ ᠭᠤᠷᠪᠠᠨ ᠵᠢᠯ ᠳᠤ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠲᠣᠭᠲᠠᠭᠠᠯ  ᠠᠴᠠ ᠵᠥᠷᠢᠴᠡᠭᠰᠡᠨ ᠲᠡᠮᠳᠡᠭᠯᠡᠯ ᠵᠢᠴᠢ ᠮᠠᠭᠤ ᠦᠶᠯᠡ ᠠᠵᠢᠯᠯᠠᠭ᠎ᠠ ᠶᠢᠨ ᠲᠡᠮᠳᠡᠭᠯᠡᠯ ᠤᠨ ᠠᠮᠠᠯᠠᠯᠲᠠ ᠶᠢᠨ ᠪᠢᠴᠢᠭ ᠪᠠᠶᠢᠬᠤ ᠦᠭᠡᠢ ᠪᠥᠭᠡᠳ ︽ᠢᠲᠡᠭᠡᠮᠵᠢᠲᠦ ᠳᠤᠮᠳᠠᠳᠤ ᠤᠯᠤᠰ︾ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠮᠠᠭᠤ ᠦᠶᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ︾ ᠤᠨ ᠯᠠᠪᠯᠠᠯᠲᠠ ᠶᠢᠨ ᠵᠢᠷᠤᠭ ᠢ ᠬᠠᠩᠭᠠᠭᠰᠠᠨ ᠪᠠᠶᠢᠬᠤ ᠬᠡᠷᠡᠭᠲᠡᠢ︔      ︵ᠵᠢᠷᠭᠤᠭ᠎ᠠ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠠ ᠡᠷᠬᠡ ᠣᠯᠭᠤᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠵᠢᠴᠢ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ︵ᠴᠥᠮ ᠰᠢᠨ᠎ᠡ ᠲᠠᠮᠠᠭ᠎ᠠ ᠳᠠᠷᠤᠵᠤ᠂ ᠡᠷᠬᠡ ᠣᠯᠭᠤᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠤᠭ ᠡᠬᠡ ᠶᠢ ᠪᠠᠶᠢᠴᠠᠭᠠᠬᠤ ᠳᠤ ᠪᠡᠯᠡᠳᠬᠡᠬᠦ ᠴᠢᠬᠤᠯᠠᠲᠠᠢ︶ ᠬᠠᠩᠭᠠᠬᠤ ᠬᠡᠷᠡᠭᠲᠡᠢ᠃      ᠵᠢᠷᠭᠤᠭ᠎ᠠ᠂ ᠡᠯᠰᠡᠬᠦ ᠠᠷᠭ᠎ᠠ      ︵ᠨᠢᠭᠡ︶ ᠡᠯᠰᠡᠬᠦ ᠳᠤ ᠨᠡᠷ᠎ᠡ ᠮᠡᠳᠡᠭᠦᠯᠬᠦ᠃ ᠰᠠᠨᠠᠭᠠᠴᠢᠯᠠᠭ᠎ᠠ ᠲᠠᠢ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ 2024 ᠣᠨ ᠤ 5 ᠰᠠᠷ᠎ᠠ ᠶᠢᠨ 20 ᠤ ᠡᠳᠦᠷ ᠠᠴᠠ ᠡᠮᠦᠨ᠎ᠡ᠂ ᠳᠡᠭᠡᠷᠡᠬᠢ ᠮᠠᠲ᠋ᠧᠷᠢᠶᠠᠯ ᠤᠨ PDF ᠬᠡᠪᠯᠡᠯ ᠢ nmgspb2022@163.com ᠢᠮᠧᠯ ᠳᠤ ᠶᠠᠪᠤᠭᠤᠯᠤᠭᠠᠷᠠᠢ᠃      ︵ᠬᠤᠶᠠᠷ︶ ᠬᠢᠷᠢ ᠬᠡᠮ ᠢ ᠬᠢᠨᠠᠨ ᠪᠠᠶᠢᠴᠠᠭᠠᠬᠤ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠲᠣᠭᠲᠠᠭᠠᠬᠤ ᠳᠤᠭᠤᠶᠢᠯᠠᠩ ᠪᠠᠶᠢᠭᠤᠯᠵᠤ᠂ ᠨᠡᠷ᠎ᠡ ᠮᠡᠳᠡᠭᠦᠯᠬᠦ ᠪᠠᠶᠢᠭᠤᠯᠤᠮᠵᠢ ᠶᠢᠨ ᠲᠤᠰᠢᠶᠠᠭᠰᠠᠨ ᠮᠠᠲ᠋ᠧᠷᠢᠶᠠᠯ ᠳᠤ ᠬᠢᠷᠢ ᠬᠡᠮ ᠤᠨ ᠬᠢᠨᠠᠨ ᠪᠠᠶᠢᠴᠠᠭᠠᠯᠲᠠ ᠬᠢᠵᠦ᠂ ᠠᠩᠬᠠᠨ ᠤ ᠰᠢᠯᠢᠯᠳᠡ ᠬᠢᠭᠰᠡᠨ ᠤ ᠳᠠᠷᠠᠭ᠎ᠠ᠂ 2024 ᠣᠨ ᠤ 5 ᠰᠠᠷ᠎ᠠ ᠶᠢᠨ 22 ᠤᠨ ᠡᠳᠦᠷ ᠡᠯᠰᠡᠨ ᠴᠤᠭᠯᠠᠭᠤᠯᠵᠤ ᠠᠳᠠᠯᠢᠳᠬᠠᠨ ᠰᠣᠩᠭᠤᠭᠰᠠᠨ ᠪᠢᠴᠢᠭ ᠮᠠᠲ᠋ᠧᠷᠢᠶᠠᠯ ᠢ ᠲᠠᠷᠬᠠᠭᠠᠬᠤ ᠶᠢᠨ ᠬᠠᠮᠲᠤ ᠲᠤᠬᠠᠢ ᠶᠢᠨ ᠭᠠᠵᠠᠷ ᠲᠤᠨᠢ ᠳᠠᠬᠢᠨ ᠬᠢᠨᠠᠬᠤ ᠶᠢ ᠵᠣᠬᠢᠶᠠᠨ ᠪᠠᠶᠢᠭᠤᠯᠤᠨ᠎ᠠ ︵ᠪᠣᠳᠠᠲᠠᠢ ᠭᠠᠵᠠᠷ ᠲᠤᠨᠢ ᠨᠠᠷᠢᠨ ᠨᠢᠮᠪᠠᠢ ᠳᠠᠬᠢᠨ ᠬᠢᠨᠠᠬᠤ ᠠᠷᠭ᠎ᠠ ᠶᠢ ᠠᠳᠠᠯᠢᠳᠬᠠᠨ ᠰᠣᠩᠭᠤᠭᠰᠠᠨ ᠪᠢᠴᠢᠭ ᠮᠠᠲ᠋ᠧᠷᠢᠶᠠᠯ ᠳᠤ ᠦᠵᠡᠭᠡᠷᠡᠢ︶᠃      ︵ᠭᠤᠷᠪᠠ︶ ᠠᠳᠠᠯᠢᠳᠬᠠᠨ ᠰᠣᠩᠭᠤᠬᠤ ᠠᠷᠭ᠎ᠠ ᠮᠠᠶ᠋ᠢᠭ᠃ ᠶᠡᠷᠦᠩᠬᠡᠶᠢᠯᠡᠨ ᠦᠨᠡᠯᠡᠨ ᠵᠢᠱᠢᠬᠦ ᠠᠷᠭ᠎ᠠ ᠶᠢ ᠬᠡᠷᠡᠭᠯᠡᠨ᠎ᠡ᠃ ᠭᠤᠶᠤᠴᠢᠯᠠᠭᠴᠢ ᠠᠳᠠᠯᠢᠳᠬᠠᠨ ᠰᠣᠩᠭᠤᠬᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2024 ᠣᠨ ᠤ 5 ᠰᠠᠷ᠎ᠠ ᠶᠢᠨ 24 ᠤ ᠡᠳᠦᠷ ᠤᠨ 15᠄ 30 ᠠᠴᠠ ᠡᠮᠦᠨ᠎ᠡ ᠪᠢᠲᠡᠭᠦᠮᠵᠢᠯᠡᠭᠰᠡᠨ ᠪᠢᠴᠢᠭ ᠮᠠᠲ᠋ᠧᠷᠢᠶᠠᠯ ᠢᠶᠠᠨ ᠵᠢᠭᠠᠨ ᠲᠣᠭᠲᠠᠭᠠᠭᠰᠠᠨ ᠭᠠᠵᠠᠷ ᠲᠤ ᠲᠤᠰᠢᠶᠠᠬᠤ ᠬᠡᠷᠡᠭᠲᠡᠢ᠃ ᠬᠢᠨᠠᠨ ᠲᠣᠭᠲᠠᠭᠠᠬᠤ ᠳᠤ ᠬᠢᠷᠢ ᠲᠡᠩᠴᠡᠭᠰᠡᠨ ᠪᠠᠶᠢᠭᠤᠯᠤᠮᠵᠢ ᠶᠢ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠵᠢᠱᠢᠭᠳᠡᠭᠴᠢ ᠶᠢᠨ ᠬᠢᠷᠢ ᠬᠡᠮ ᠳᠤ ᠣᠷᠣᠭᠤᠯᠤᠨ᠎ᠠ᠃      ︵ᠳᠥᠷᠪᠡ︶ ᠬᠢᠷᠢ ᠬᠡᠮ ᠢ ᠨᠢ ᠬᠠᠰᠤᠬᠤ᠃ ᠣᠷᠣᠯᠠᠬᠤ ᠶᠠᠪᠤᠴᠠ ᠳᠤ ᠳᠣᠣᠷᠠᠬᠢ ᠪᠠᠶᠢᠳᠠᠯ ᠣᠷᠣᠰᠢᠵᠤ ᠪᠠᠶᠢᠪᠠᠯ᠂ ᠬᠢᠷᠢ ᠬᠡᠮ ᠢ ᠨᠢ ᠬᠠᠰᠤᠨ᠎ᠠ᠄ ᠨᠢᠭᠡ ᠳᠤ ᠰᠤᠩᠭᠤᠭᠳᠠᠭᠰᠠᠨ ᠪᠠᠶᠢᠭᠤᠯᠤᠮᠵᠢ ᠶᠢᠨ ᠰᠣᠩᠭᠤᠯᠲᠠ ᠶᠢᠨ ᠴᠢᠨᠠᠷᠲᠠᠢ ᠣᠷᠤᠯᠠᠬᠤ᠂ ᠰᠤᠩᠭᠤᠭᠳᠠᠭᠰᠠᠨ ᠤ ᠲᠠᠷᠠᠭ᠎ᠠ ᠰᠢᠯᠲᠠᠭᠠᠨ ᠦᠭᠡᠢ ᠪᠠᠷ ᠣᠷᠣᠯᠠᠬᠤ ᠶᠢ ᠲᠡᠪᠴᠢᠭᠰᠡᠨ︔ ᠬᠤᠶᠠᠷ ᠲᠤ ᠣᠷᠣᠯᠠᠨ ᠭᠦᠢᠴᠡᠳᠬᠡᠬᠦ ᠶᠠᠪᠤᠴᠠ ᠳᠤ ᠬᠤᠳᠠᠯᠳᠤᠨ ᠠᠪᠬᠤ ᠵᠦᠢᠯᠡᠰ ᠨᠢ ᠱᠠᠭᠠᠷᠳᠠᠯᠭ᠎ᠠ ᠳᠤ ᠦᠯᠦ ᠬᠦᠷᠦᠭᠰᠡᠨ︔ ᠭᠤᠷᠪᠠ ᠳᠤ ᠣᠷᠣᠯᠠᠨ ᠭᠦᠢᠴᠡᠳᠬᠡᠬᠦ ᠶᠠᠪᠤᠴᠠ ᠳᠤ ᠲᠦᠷᠦᠯ ᠵᠦᠢᠯ ᠤᠨ ᠠᠬᠢᠴᠠ ᠶᠢ ᠤᠴᠢᠷ ᠰᠢᠯᠲᠠᠭᠠᠨ ᠦᠭᠡᠢ ᠪᠠᠷ ᠤᠳᠠᠭᠠᠰᠢᠷᠠᠭᠤᠯᠤᠭᠰᠠᠨ᠃      ᠳᠣᠯᠤᠭ᠎ᠠ᠂ ᠬᠢᠷᠢ ᠬᠡᠮ ᠤᠨ ᠬᠤᠭᠤᠴᠠᠭ᠎ᠠ      ᠬᠤᠶᠠᠷ ᠵᠢᠯ ᠤᠨ ᠳᠣᠲᠣᠷ᠎ᠠ ᠬᠦᠴᠦᠨ ᠲᠠᠢ᠃      ᠨᠠᠢᠮᠠ᠂ ᠪᠤᠰᠤᠳ ᠵᠦᠢᠯ      ︵ᠨᠢᠭᠡ︶ ᠨᠡᠷ᠎ᠡ ᠮᠡᠳᠡᠭᠦᠯᠬᠦ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠲᠤᠰᠢᠶᠠᠭᠰᠠᠨ ᠮᠠᠲ᠋ᠧᠷᠢᠶᠠᠯ ᠨᠢ ᠡᠷᠬᠡᠪᠰᠢ ᠦᠨᠡᠨ ᠠᠴᠠ ᠵᠥᠪ ᠢ ᠡᠷᠢᠵᠦ᠂ ᠣᠨᠣᠪᠴᠢᠲᠠᠶ ᠪᠥᠭᠡᠳ ᠦᠨᠡᠨ ᠪᠣᠳᠠᠲᠠᠢ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠬᠡᠷᠡᠭᠲᠡᠢ᠂ ᠬᠡᠷᠪᠡ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠭᠰᠠᠨ ᠪᠠ ᠬᠤᠯᠪᠣᠭᠳᠠᠯ ᠪᠦᠬᠦᠢ ᠪᠠᠶᠢᠳᠠᠯ ᠢ ᠨᠢᠭᠤᠨ ᠳᠠᠯᠳᠠᠯᠠᠭᠰᠠᠨ ᠪᠠᠶᠢᠪᠠᠯ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠲᠡᠭᠦᠨ ᠤ ᠰᠣᠩᠭᠤᠭᠤᠯᠢ ᠳᠤ ᠣᠷᠣᠯᠴᠠᠬᠤ ᠬᠢᠷᠢ ᠬᠡᠮ ᠢ ᠬᠠᠰᠤᠨ᠎ᠠ᠃      ︵ᠬᠤᠶᠠᠷ︶ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠭᠤᠣᠯᠴᠢ ᠪᠠᠷ ᠥᠷᠢᠰᠦᠯᠳᠦᠬᠦ ᠵᠠᠷᠴᠢᠮ ᠢ ᠵᠢᠷᠤᠮᠯᠠᠬᠤ ᠬᠡᠷᠡᠭᠲᠡᠢ᠂ ᠮᠠᠭᠤ ᠰᠠᠨᠠᠭ᠎ᠠ ᠲᠠᠢ ᠪᠠᠷ ᠰᠥᠯᠪᠡᠭᠡᠯᠳᠦᠵᠦ ᠪᠣᠯᠬᠤ ᠦᠭᠡᠢ᠂ ᠪᠤᠰᠤᠳ ᠭᠤᠶᠤᠴᠢᠯᠠᠭᠴᠢ ᠶᠢᠨ ᠥᠷᠢᠰᠦᠯᠳᠦᠬᠦ ᠠᠵᠢᠯᠯᠠᠭ᠎ᠠ ᠶᠢ ᠬᠠᠷᠰᠢᠯᠠᠵᠤ ᠪᠣᠯᠬᠤ ᠦᠭᠡᠢ᠂ ᠠᠳᠠᠯᠢᠳᠬᠠᠨ ᠰᠣᠩᠭᠤᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠨᠢᠭᠡᠴᠢ ᠪᠤᠶᠤ ᠪᠤᠰᠤᠳ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠃      ︵ᠭᠤᠷᠪᠠ︶ ᠬᠢᠷᠢ ᠬᠡᠮ ᠢ ᠬᠢᠨᠠᠨ ᠪᠠᠶᠢᠴᠠᠭᠠᠬᠤ ᠶᠠᠪᠤᠴᠠ ᠳᠤ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠳᠣᠣᠷᠠᠬᠢ ᠮᠡᠲᠦ ᠪᠠᠶᠢᠳᠠᠯ ᠲᠠᠢ ᠪᠠᠶᠢᠬᠤ ᠶᠢ ᠣᠯᠵᠤ ᠮᠡᠳᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠲᠡᠳᠡᠨ ᠤ ᠣᠷᠣᠯᠴᠠᠬᠤ ᠶᠢ ᠴᠠᠭᠠᠵᠠᠯᠠᠬᠤ ᠡᠷᠬᠡ ᠲᠠᠢ᠄ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ᠂ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠢ ᠶᠢᠨ ᠬᠥᠮᠥᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠬᠠᠤᠯᠢ ᠠᠴᠠ ᠬᠦᠨᠳᠦ ᠨᠣᠴᠢᠲᠠᠢ ᠵᠥᠷᠢᠴᠡᠭᠰᠡᠨ ᠢᠲᠡᠭᠡᠯ ᠠᠯᠳᠠᠭᠰᠠᠨ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠲᠤ ᠵᠢᠭᠰᠠᠭᠠᠭᠳᠠᠭᠰᠠᠨ︔ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠪᠠᠶᠢᠭᠠᠳ ᠳᠠᠭᠠᠭᠠᠴᠢᠯᠠᠯᠲᠠ ᠣᠯᠣᠭᠰᠠᠨ︔ ᠵᠦᠢ ᠪᠤᠰᠤ ᠠᠷᠭ᠎ᠠ ᠪᠠᠷᠢᠯ ᠢᠶᠠᠷ ᠪᠤᠰᠤᠳ ᠭᠤᠶᠤᠴᠢᠯᠠᠭᠴᠢ ᠶᠢ ᠭᠦᠳᠬᠡᠨ ᠭᠠᠳᠠᠭᠤᠷᠴᠢᠯᠠᠭᠰᠠᠨ︔ ᠪᠣᠳᠠᠲᠤ ᠬᠡᠷᠡᠭ ᠤᠨ ᠦᠨᠳᠦᠰᠦ ᠪᠠᠷᠢᠮᠲᠠ ᠪᠠᠷ ᠳᠤᠲᠠᠮᠠᠭ ᠪᠠᠶᠢᠳᠠᠯ ᠤᠨ ᠳᠣᠣᠷ᠎ᠠ ᠰᠡᠵᠢᠭ ᠲᠠᠢ ᠵᠠᠭᠠᠯᠳᠤᠯᠭ᠎ᠠ ᠬᠢᠭᠰᠡᠨ︔ ᠲᠤᠰ ᠤᠳᠠᠭᠠᠨ ᠤ ᠬᠦᠮᠦᠷᠭᠡᠯᠡᠬᠦ ᠠᠵᠢᠯᠯᠠᠭ᠎ᠠ ᠶᠢᠨ ᠬᠡᠪ ᠢᠶᠠᠷ ᠶᠠᠪᠤᠭᠳᠠᠬᠤ ᠶᠢ ᠵᠣᠷᠢᠭᠤᠳᠠ ᠰᠠᠮᠠᠭᠤᠷᠠᠭᠤᠯᠤᠭᠰᠠᠨ ᠵᠡᠷᠭᠡ ᠵᠦᠢᠯᠡᠰ ᠪᠠᠭᠲᠠᠨ᠎ᠠ᠃      ᠬᠠᠷᠢᠯᠴᠠᠬᠤ ᠬᠥᠮᠥᠨ᠄ ᠸᠠᠩ ᠰᠢᠦᠢ᠂ ᠬᠠᠷᠢᠯᠴᠠᠬᠤ ᠤᠲᠠᠰᠤ᠄ 0471-6652175                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ                       2024 ᠣᠨ ᠤ 5 ᠰᠠᠷ᠎ᠠ ᠶᠢᠨ 13 ᠤ ᠡᠳᠦᠷ
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号