2024 ᠣᠨ ᠤ ᠪᠥᠬᠦ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠴᠢᠳᠠᠪᠤᠷᠢ ᠶᠢ ᠰᠢᠯᠭᠠᠨ ᠪᠠᠳᠤᠯᠠᠬᠤ ᠪᠠ ᠲᠤᠬᠠᠢ ᠶᠢᠨ ᠲᠠᠯᠠᠪᠤᠷ ᠲᠤᠨᠢ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/5/13
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠯᠪᠣᠭᠳᠠᠯ ᠪᠦᠬᠦᠢ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ᠄      ︽2024 ᠣᠨ ᠤ ᠪᠥᠬᠦ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠴᠢᠳᠠᠪᠤᠷᠢ ᠶᠢ ᠰᠢᠯᠭᠠᠨ ᠪᠠᠳᠤᠯᠠᠬᠤ ᠪᠠ ᠲᠤᠬᠠᠢ ᠶᠢᠨ ᠲᠠᠯᠠᠪᠤᠷ ᠲᠤᠨᠢ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠶᠠᠰᠤ ᠴᠢᠨᠠᠷ ᠲᠠᠷᠬᠠᠭᠠᠭᠰᠠᠨ ﹇2024﹈ 37 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ 2024 ᠣᠨ ᠤ ᠪᠥᠬᠦ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠴᠢᠳᠠᠪᠤᠷᠢ ᠶᠢ ᠰᠢᠯᠭᠠᠨ ᠪᠠᠲᠤᠯᠠᠬᠤ ᠪᠠ ᠲᠤᠬᠠᠢ ᠶᠢᠨ ᠲᠠᠯᠠᠪᠤᠷ ᠲᠤᠨᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠮᠡᠳᠡᠭᠳᠡᠵᠦ ᠪᠠᠶᠢᠨ᠎ᠠ᠃      ᠨᠢᠭᠡ᠂ ᠴᠢᠳᠠᠪᠤᠷᠢ ᠶᠢ ᠰᠢᠯᠭᠠᠨ ᠪᠠᠲᠤᠯᠠᠭᠰᠠᠨ ᠪᠠᠶᠢᠳᠠᠯ      2024 ᠣᠨ ᠳᠤ᠂ ᠪᠥᠬᠦ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ 81 ᠪᠠᠶᠢᠭᠤᠯᠤᠮᠵᠢ ᠲᠤᠰ ᠤᠳᠠᠭᠠᠨ ᠤ ᠴᠢᠳᠠᠪᠤᠷᠢ ᠶᠢ ᠰᠢᠯᠭᠠᠨ ᠪᠠᠳᠤᠯᠠᠬᠤ ᠳᠤ ᠤᠷᠤᠯᠴᠠᠵᠤ᠂ ᠬᠢᠨᠠᠨ ᠰᠢᠯᠭᠠᠬᠤ ᠵᠦᠢᠯᠡᠰ ᠲᠤ ᠪᠦᠬᠦᠨ ᠢᠶᠠᠷ ᠢᠶᠠᠨ ᠬᠢᠷᠢ ᠲᠡᠩᠴᠡᠭᠰᠡᠨ ᠨᠢ 73 ᠪᠠᠶᠢᠵᠤ᠂ ᠬᠢᠷᠢ ᠲᠡᠩᠴᠡᠭᠰᠡᠨ ᠨᠣᠷᠮ᠎ᠠ ᠨᠢ 90.1% ᠪᠠᠶᠢᠪᠠ᠃ ᠡᠭᠦᠨ ᠳᠤ᠂ ᠰᠢᠰᠲ᠋ᠧᠮ ᠤᠨ ᠳᠣᠲᠣᠷᠠᠬᠢ ᠠᠶᠢᠮᠠᠭ ᠬᠤᠲᠠ ᠶᠢᠨ ᠱᠠᠲᠤᠨ ᠤ ᠪᠠ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠨᠢ ᠲᠣᠰ ᠲᠣᠰ 9 ᠪᠠ 52 ᠪᠠᠶᠢᠵᠤ᠂ ᠬᠢᠷᠢ ᠲᠡᠩᠴᠡᠭᠰᠡᠨ ᠨᠣᠷᠮ᠎ᠠ ᠨᠢ ᠲᠣᠰ ᠲᠣᠰ 100% ᠪᠠ 96.2% ᠪᠣᠯᠣᠨ᠎ᠠ︔ ᠰᠢᠰᠲ᠋ᠧᠮ ᠤᠨ ᠭᠠᠳᠠᠨᠠᠬᠢ ᠪᠠ ᠭᠤᠷᠪᠠᠳᠠᠭᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ 20 ᠪᠠᠶᠢᠵᠤ᠂ ᠬᠢᠷᠢ ᠲᠡᠩᠴᠡᠭᠰᠡᠨ ᠨᠣᠷᠮ᠎ᠠ ᠨᠢ 70.0% ᠪᠣᠯᠣᠨ᠎ᠠ᠃ ᠰᠢᠯᠭᠠᠨ ᠬᠢᠨᠠᠬᠤ ᠠᠭᠤᠯᠭ᠎ᠠ ᠶᠢ ᠥᠯᠢᠭᠡᠷ ᠡᠳ᠋ ᠦᠢᠯᠡᠳᠬᠦ ᠴᠢᠳᠠᠪᠤᠷᠢ ᠶᠢ ᠰᠢᠯᠭᠠᠨ ᠪᠠᠲᠤᠯᠠᠬᠤ᠂ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠶᠠᠨ ᠡᠮ ᠤᠨ ᠦᠯᠡᠳᠡᠭᠳᠡᠯ ᠢ ᠰᠢᠯᠭᠠᠨ ᠪᠠᠶᠢᠴᠠᠭᠠᠬᠤ ᠴᠢᠳᠠᠪᠤᠷᠢ ᠶᠢ ᠰᠢᠯᠭᠠᠨ ᠪᠠᠲᠤᠯᠠᠬᠤ᠂ ᠮᠠᠯ ᠵᠢᠭᠦᠷᠲᠡᠨ ᠤ ᠠᠰᠢᠭ ᠰᠢᠮ᠎ᠡ ᠶᠢᠨ ᠮᠠᠯ ᠤᠨ ᠡᠮ ᠤᠨ ᠦᠯᠡᠳᠡᠭᠳᠡᠯ ᠢ ᠰᠢᠯᠭᠠᠨ ᠪᠠᠶᠢᠴᠠᠭᠠᠬᠤ ᠴᠢᠳᠠᠪᠤᠷᠢ ᠶᠢ ᠰᠢᠯᠭᠠᠨ ᠪᠠᠲᠤᠯᠠᠬᠤ ᠪᠠ ᠤᠰᠤᠨ ᠭᠠᠷᠤᠯᠲᠠ ᠶᠢᠨ ᠡᠮ ᠤᠨ ᠵᠦᠢᠯ ᠤᠨ ᠦᠯᠡᠳᠡᠭᠳᠡᠯ ᠢ ᠰᠢᠯᠭᠠᠨ ᠪᠠᠶᠢᠴᠠᠭᠠᠬᠤ ᠴᠢᠳᠠᠪᠤᠷᠢ ᠶᠢ ᠰᠢᠯᠭᠠᠨ ᠪᠠᠲᠤᠯᠠᠬᠤ ᠵᠡᠷᠭᠡ 4 ᠲᠥᠷᠥᠯ ᠬᠤᠪᠢᠶᠠᠪᠠ᠃ ᠪᠣᠳᠠᠲᠠᠢ ᠪᠠᠶᠢᠳᠠᠯ ᠨᠢ᠄ ᠨᠢᠭᠡ ᠳᠤ ᠥᠯᠢᠭᠡᠷ ᠡᠳ᠋ ᠦᠢᠯᠡᠳᠬᠦ ᠴᠢᠳᠠᠪᠤᠷᠢ ᠶᠢ ᠰᠢᠯᠭᠠᠨ ᠪᠠᠲᠤᠯᠠᠬᠤ ᠳᠤ ᠣᠷᠣᠯᠴᠠᠭᠰᠠᠨ ᠪᠠᠶᠢᠭᠤᠯᠤᠮᠵᠢ 12 ᠪᠠᠶᠢᠵᠤ᠂ ᠡᠭᠦᠨ ᠳᠤ 10 ᠨᠢ ᠬᠢᠷᠢ ᠲᠡᠩᠴᠡᠵᠦ᠂ ᠬᠢᠷᠢ ᠲᠡᠩᠴᠡᠭᠰᠡᠨ ᠨᠣᠷᠮ᠎ᠠ ᠨᠢ 83.3% ᠪᠣᠯᠣᠨ᠎ᠠ᠃ ᠬᠤᠶᠠᠷ ᠲᠤ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠶᠠᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠲᠤᠯᠠᠬᠤ  ᠳᠤ ᠣᠷᠣᠯᠴᠠᠭᠰᠠᠨ ᠪᠠᠶᠢᠭᠤᠯᠤᠮᠵᠢ 81 ᠪᠠᠶᠢᠵᠤ᠂ ᠡᠭᠦᠨ ᠳᠤ 76  ᠨᠢ ᠬᠢᠷᠢ ᠲᠡᠩᠴᠡᠵᠦ᠂ ᠬᠢᠷᠢ ᠲᠡᠩᠴᠡᠭᠰᠡᠨ ᠨᠤᠷᠮ᠎ᠠ ᠨᠢ 93.8% ᠪᠣᠯᠣᠨ᠎ᠠ᠃ ᠭᠤᠷᠪᠠ ᠳᠤ ᠮᠠᠯ ᠵᠢᠭᠦᠷᠲᠡᠨ ᠤ ᠠᠰᠢᠭ ᠰᠢᠮ᠎ᠡ ᠶᠢᠨ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠲᠤᠯᠠᠬᠤ  ᠳᠤ ᠣᠷᠣᠯᠴᠠᠭᠰᠠᠨ ᠪᠠᠶᠢᠭᠤᠯᠤᠮᠵᠢ 25 ᠪᠠᠶᠢᠵᠤ᠂ ᠡᠭᠦᠨ ᠳᠤ 22 ᠨᠢ ᠬᠢᠷᠢ ᠲᠡᠩᠴᠡᠵᠦ᠂ ᠬᠢᠷᠢ ᠲᠡᠩᠴᠡᠭᠰᠡᠨ ᠨᠣᠷᠮ᠎ᠠ  ᠨᠢ 88.0% ᠪᠣᠯᠣᠨ᠎ᠠ᠃ ᠳᠥᠷᠪᠡ ᠳᠤ ᠤᠰᠤᠨ ᠭᠠᠷᠤᠯᠲᠠ ᠶᠢᠨ ᠡᠮ ᠤᠨ ᠵᠦᠢᠯ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠲᠤᠯᠠᠬᠤ ᠳᠤ ᠣᠷᠣᠯᠴᠠᠭᠰᠠᠨ ᠪᠠᠶᠢᠭᠤᠯᠤᠮᠵᠢ 23 ᠪᠠᠶᠢᠵᠤ᠂ ᠡᠭᠦᠨ ᠳᠤ 22 ᠨᠢ ᠬᠢᠷᠢ ᠲᠡᠩᠴᠡᠵᠦ᠂ ᠬᠢᠷᠢ ᠲᠡᠩᠴᠡᠭᠰᠡᠨ ᠨᠣᠷᠮ᠎ᠠ ᠨᠢ 95.6% ᠪᠣᠯᠣᠨ᠎ᠠ᠃ ᠳᠠᠭᠠᠯᠳᠤᠭᠤᠯᠤᠯ 1 ᠳᠤ ᠨᠠᠷᠢᠪᠴᠢᠯᠠᠨ ᠦᠵᠡᠭᠡᠷᠡᠢ᠃      ᠬᠤᠶᠠᠷ᠂ ᠲᠤᠬᠠᠢ ᠶᠢᠨ ᠲᠠᠯᠠᠪᠤᠷ ᠲᠤᠨᠢ ᠪᠠᠶᠢᠴᠠᠭᠠᠭᠰᠠᠨ ᠪᠠᠶᠢᠳᠠᠯ      ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢ ᠭᠤᠣᠯᠳᠠᠭᠤ 2022 ᠣᠨ᠂ 2023 ᠣᠨ ᠳᠤ ᠬᠤᠶᠠᠷ ᠵᠢᠯ ᠳᠠᠷᠠᠭᠠᠯᠠᠨ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠬᠢᠷᠢ ᠲᠡᠩᠴᠡᠭᠰᠡᠨ ᠦᠭᠡᠢ ᠪᠠ 2023 ᠣᠨ ᠳᠤ ᠴᠢᠳᠠᠪᠤᠷᠢ ᠶᠢᠨ ᠰᠢᠯᠭᠠᠨ ᠪᠠᠲᠤᠯᠠᠯᠲᠠ ᠳᠤ ᠬᠢᠷᠢ ᠲᠡᠩᠴᠡᠭᠰᠡᠨ ᠦᠭᠡᠢ ᠵᠦᠢᠯ ᠤᠳᠠᠭ᠎ᠠ 3 ᠤᠳᠠᠭ᠎ᠠ ᠠᠴᠠ ᠳᠡᠭᠡᠭᠰᠢ ᠪᠠᠶᠢᠬᠤ 12 ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠴᠢᠭᠯᠡᠭᠦᠯᠦᠨ ᠥᠷᠨᠢᠭᠦᠯᠪᠡ ︵ᠳᠠᠭᠠᠯᠳᠤᠭᠤᠯᠤᠯ 2︶᠂ ᠡᠭᠦᠨ ᠳᠤ 8 ᠪᠠᠶᠢᠭᠤᠯᠤᠮᠵᠢ ᠨᠢ ᠪᠠᠶᠢᠴᠠᠭᠠᠬᠤ ᠠᠭᠤᠯᠭ᠎ᠠ ᠳᠤ ᠦᠨᠳᠦᠰᠦᠨ ᠳᠡᠭᠡᠨ ᠨᠡᠶᠢᠴᠡᠵᠦ᠂ ᠪᠠᠶᠢᠴᠠᠭᠠᠯᠲᠠ ᠳᠤ ᠬᠢᠷᠢ ᠲᠡᠩᠴᠡᠭᠰᠡᠨ ᠪᠠᠶᠢᠨ᠎ᠠ︔ 4 ᠪᠠᠶᠢᠭᠤᠯᠤᠮᠵᠢ ᠶᠢᠨ ᠬᠠᠮᠢᠶᠠᠷᠤᠯᠲᠠ ᠪᠠ ᠠᠵᠢᠯᠯᠠᠭᠠᠨ ᠨᠢ ᠱᠠᠭᠠᠷᠳᠠᠯᠭ᠎ᠠ ᠳᠤ ᠨᠡᠶᠢᠴᠡᠬᠦ ᠦᠭᠡᠢ᠂ ᠲᠣᠰ ᠲᠣᠰ ᠲᠠᠶᠢᠫᠤᠰᠧ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠥᠷᠲᠡᠭᠡ᠂ ᠵᠠᠯᠠᠶᠢᠳ ᠬᠤᠰᠢᠭᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ᠂ ᠥᠪᠥᠷ ᠮᠣᠩᠭᠤᠯ ᠤᠨ ᠯᠦ ᠢ ᠵᠢᠩ ᠫᠦ᠋ ᠪᠠᠶᠢᠴᠠᠭᠠᠨ ᠰᠢᠯᠭᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠶᠠ ᠢᠦᠢ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠬᠢᠵᠠᠭᠠᠷᠲᠤ ᠺᠣᠮᠫᠠᠨᠢ ᠪᠣᠯᠣᠨ᠎ᠠ᠃ ᠡᠭᠦᠨ ᠳᠤ᠂ ᠲᠠᠶᠢᠫᠤᠰᠧ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠥᠷᠲᠡᠭᠡ᠂ ᠵᠠᠯᠠᠶᠢᠳ ᠬᠤᠰᠢᠭᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ 2 ᠪᠠᠶᠢᠭᠤᠯᠤᠮᠵᠢ ᠲᠣᠭᠲᠠᠭᠠᠯ ᠶᠣᠰᠣᠭᠠᠷ ᠠᠵᠢᠯᠲᠠᠨ᠂ ᠬᠡᠮᠵᠢᠭᠦᠷᠯᠢᠭ ᠲᠥᠬᠦᠭᠡᠷᠦᠮᠵᠢ᠂ ᠲᠥᠬᠦᠭᠡᠷᠦᠮᠵᠢ ᠶᠢᠨ ᠨᠥᠬᠦᠴᠡᠯ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ᠂ ᠪᠠᠶᠢᠴᠠᠭᠠᠨ ᠰᠢᠯᠭᠠᠬᠤ ᠠᠵᠢᠯ ᠵᠡᠷᠭᠡ ᠳᠤ ᠪᠦᠲᠦᠮᠵᠢᠲᠡᠶ ᠬᠠᠮᠢᠶᠠᠷᠤᠯᠲᠠ ᠶᠠᠪᠤᠭᠤᠯᠤᠭᠰᠠᠨ ᠦᠭᠡᠢ︔ ᠥᠪᠥᠷ ᠮᠣᠩᠭᠤᠯ ᠤᠨ ᠯᠦ ᠢ ᠵᠢᠩ ᠫᠦ᠋ ᠪᠠᠶᠢᠴᠠᠭᠠᠨ ᠬᠡᠮᠵᠢᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠶᠠ ᠢᠦᠢ ᠰᠢᠯᠭᠠᠨ ᠪᠠᠶᠢᠴᠠᠭᠠᠬᠤ ᠰᠢᠯᠭᠠᠨ ᠬᠡᠮᠵᠢᠬᠦ ᠬᠢᠵᠠᠭᠠᠷᠲᠤ ᠺᠣᠮᠫᠠᠨᠢ 2 ᠪᠠᠶᠢᠭᠤᠯᠤᠮᠵᠢ ᠲᠣᠭᠲᠠᠭᠠᠯ ᠶᠣᠰᠣᠭᠠᠷ ᠬᠤᠪᠢᠷᠠᠭᠤᠯᠬᠤ ᠭᠠᠷᠳᠠᠮ ᠢ ᠭᠦᠢᠴᠡᠳᠬᠡᠭᠰᠡᠨ ᠦᠭᠡᠢ᠃      ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ      ᠲᠣᠰ ᠵᠢᠯ ᠤᠨ ᠴᠢᠳᠠᠪᠤᠷᠢ ᠶᠢ ᠰᠢᠯᠭᠠᠨ ᠪᠠᠲᠤᠯᠠᠬᠤ ᠪᠠ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠴᠠᠭᠠᠨ ᠰᠢᠯᠭᠠᠬᠤ ᠪᠠᠶᠢᠭᠤᠯᠤᠮᠵᠢ ᠨᠢ ᠠᠰᠠᠭᠤᠳᠠᠯ ᠳᠤ ᠴᠢᠭᠯᠡᠭᠦᠯᠦᠨ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ ᠂ ᠵᠠᠷᠯᠠᠨ ᠨᠡᠶᠢᠳᠡᠯᠡᠭᠰᠡᠨ ᠨᠢᠭᠡ ᠰᠠᠷ᠎ᠠ ᠶᠢᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠪᠠ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠲᠤ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠪᠠᠨ ᠬᠠᠷᠢᠭᠤ ᠲᠤᠰᠬᠠᠬᠤ ᠬᠡᠷᠡᠭᠲᠡᠢ᠃ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠭᠤᠯᠤᠮᠵᠢ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠶᠤ ᠵᠠᠯᠠᠷᠠᠭᠤᠯᠤᠭᠰᠠᠨ ᠤ ᠳᠠᠷᠠᠭ᠎ᠠ ᠮᠥᠨ ᠬᠦ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ CATL ᠲᠠᠮᠠᠭ᠎ᠠ ᠶᠢ ᠳᠠᠷᠤᠭᠰᠠᠨ ᠰᠢᠯᠭᠠᠨ ᠪᠠᠶᠢᠴᠠᠭᠠᠵᠤ ᠰᠢᠯᠭᠠᠨ ᠬᠡᠮᠵᠢᠭᠰᠡᠨ ᠮᠡᠳᠡᠭᠦᠯᠦᠯᠲᠡ ᠶᠢ ᠨᠡᠶᠢᠭᠡᠮ ᠳᠤ ᠭᠠᠷᠭᠠᠬᠤ ᠶᠢ ᠲᠦᠷ ᠵᠣᠭᠰᠣᠭᠠᠨ᠎ᠠ᠃      ︵ᠬᠤᠶᠠᠷ︶ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ      ᠴᠢᠳᠠᠪᠤᠷᠢ ᠶᠢ ᠰᠢᠯᠭᠠᠨ ᠪᠠᠲᠤᠯᠠᠬᠤ ᠪᠠ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠭᠤᠯᠤᠮᠵᠢ ᠶᠢ ᠳᠠᠷᠠᠭ᠎ᠠ ᠨᠢᠭᠡ ᠵᠢᠯ ᠤᠨ ᠭᠤᠣᠯᠳᠠᠯᠭ᠎ᠠ ᠲᠠᠢ ᠬᠢᠨᠠᠯᠲᠠ ᠲᠠᠯᠪᠢᠬᠤ ᠡᠲᠡᠭᠡᠳ ᠲᠤ ᠣᠷᠣᠭᠤᠯᠵᠤ᠂ ᠨᠢᠰᠦᠯᠲᠡ ᠶᠢᠨ ᠪᠠᠶᠢᠴᠠᠭᠠᠯᠲᠠ ᠶᠢᠨ ᠳᠠᠪᠳᠠᠮᠵᠢ ᠶᠢ ᠨᠡᠮᠡᠭᠳᠡᠭᠦᠯᠦᠨ᠎ᠡ᠃ ᠡᠭᠦᠨ ᠤ ᠬᠠᠮᠲᠤ᠂ ᠬᠠᠷᠢᠶ᠎ᠠ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠢᠷᠢ ᠲᠡᠩᠴᠡᠬᠦ ᠦᠭᠡᠢ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠢ᠃      ︵ᠭᠤᠷᠪᠠ︶ ᠮᠡᠷᠭᠡᠵᠢᠯ ᠤᠨ ᠵᠢᠯᠣᠭᠤᠳᠤᠯᠭ᠎ᠠ ᠪᠠ ᠪᠣᠯᠪᠠᠰᠤᠷᠠᠯ ᠢ ᠴᠢᠩᠭᠠᠷᠠᠭᠤᠯᠬᠤ      ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠪᠣᠯᠣᠨ ᠡᠯ᠎ᠡ ᠠᠶᠢᠮᠠᠭ ᠬᠤᠲᠠ ᠶᠢᠨ ᠠᠮᠤᠷ ᠲᠦᠪᠰᠢᠨ ᠤ ᠲᠥᠪ ᠨᠢ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠲᠣᠰ ᠵᠢᠯ ᠤᠨ ᠳᠣᠲᠣᠷ᠎ᠠ᠂ ᠡᠯ᠎ᠡ ᠠᠶᠢᠮᠠᠭ ᠬᠤᠲᠠ ᠶᠢᠨ ᠠᠮᠤᠷ ᠲᠦᠪᠰᠢᠨ ᠤ ᠲᠥᠪ ᠨᠢ ᠲᠣᠰ ᠭᠠᠵᠠᠷ ᠣᠷᠣᠨ ᠤ ᠴᠢᠳᠠᠪᠤᠷᠢ ᠶᠢ ᠰᠢᠯᠭᠠᠨ ᠪᠠᠲᠤᠯᠠᠬᠤ ᠪᠠ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠭᠤᠯᠤᠮᠵᠢ ᠳᠤ ᠠᠳᠠᠭ ᠲᠠᠭᠠᠨ 1 ᠤᠳᠠᠭ᠎ᠠ ᠴᠢᠭᠯᠡᠭᠦᠯᠬᠦ ᠴᠢᠨᠠᠷᠲᠠᠢ ᠪᠣᠯᠪᠠᠰᠤᠷᠠᠯ ᠥᠷᠨᠢᠭᠦᠯᠵᠦ᠂ ᠬᠠᠮᠢᠶ᠎ᠠ ᠪᠦᠬᠦᠢ ᠪᠠᠶᠢᠭᠤᠯᠤᠮᠵᠢ ᠶᠢ ᠬᠠᠪᠰᠤᠷᠤᠨ ᠪᠠᠶᠢᠴᠠᠭᠠᠨ ᠰᠢᠯᠭᠠᠬᠤ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠ ᠲᠤᠷᠰᠢᠯᠲᠠ ᠶᠢᠨ ᠲᠠᠰᠤᠭ ᠤᠨ ᠠᠵᠢᠯᠯᠠᠭᠠᠨ ᠤ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠢ᠃      ᠬᠠᠷᠢᠯᠴᠠᠬᠤ ᠬᠥᠮᠥᠨ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠨᠠᠨ ᠬᠠᠮᠢᠶᠠᠷᠬᠤ ᠭᠠᠵᠠᠷ      ᠴᠧᠨ ᠬᠤᠸᠠᠨ 0471-6652285᠂ ᠢᠮᠧᠯ᠄ nmgnmtjgc@163.com      ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠪ       ᠵᠠᠩ ᠰᠢᠨ ᠰᠢᠨ 0471-2947306᠂ ᠢᠮᠧᠯ᠄ 459909192@qq.com       ᠳᠠᠭᠠᠯᠳᠤᠭᠤᠯᠤᠯ᠄ 1.2024 ᠣᠨ ᠤ ᠴᠢᠳᠠᠪᠤᠷᠢ ᠶᠢ ᠰᠢᠯᠭᠠᠨ ᠪᠠᠲᠤᠯᠠᠭᠰᠠᠨ ᠦᠷ᠎ᠡ ᠳ᠋ᠦᠩ ᠤᠨ ᠨᠡᠷᠡᠰ      2.2024 ᠣᠨ ᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢᠨ ᠦᠷ᠎ᠡ ᠳ᠋ᠦᠩ ᠤᠨ ᠨᠡᠷᠡᠰ                                 ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                                ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                      2024 ᠣᠨ ᠤ 5 ᠰᠠᠷ᠎ᠠ ᠶᠢᠨ 11 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号