ᠪᠤᠭᠤᠲᠤ ᠬᠤᠳᠠ ᠶᠢᠨ ᠵᠠᠰᠠᠭ ᠤᠨ ᠣᠷᠳᠣᠨ ᠤ ᠲᠤᠰᠠᠯᠠᠮᠵᠢ ᠶᠢᠨ ᠳᠠᠭᠠᠳᠬᠠᠯ 36 ᠲᠦᠮᠡᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2024/5/13
      ᠡᠨᠡ ᠵᠢᠯ ᠪᠤᠭᠤᠲᠤ ᠬᠤᠳᠠ 96 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠦᠷᠭᠦᠯᠵᠢᠯᠡᠨ ᠪᠦᠭᠦ ᠬᠤᠳᠠ ᠶᠢᠨ ᠮᠠᠯᠴᠢᠨ ᠲᠠᠷᠢᠶᠠᠴᠢᠨ ᠳᠤ ᠵᠠᠰᠠᠭ ᠤᠨ ᠣᠷᠳᠣᠨ ᠤ ᠲᠤᠰᠠᠯᠠᠮᠵᠢ ᠶᠢᠨ ᠳᠠᠭᠠᠳᠬᠠᠯ ᠬᠤᠳᠠᠯᠳᠤᠨ ᠠᠪᠴᠤ ᠥᠭᠭᠦᠨ᠂ ᠲᠤᠰ ᠬᠤᠳᠠ ᠶᠢᠨ 36 ᠲᠦᠮᠡᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠭᠰᠡᠨ ᠪᠠᠶᠢᠨ᠎ᠠ᠃ ᠡᠨᠡ ᠨᠢ ᠮᠥᠨ ᠴᠤ ᠲᠤᠰ ᠬᠤᠳᠠ ᠶᠢᠨ 2024 ᠣᠨ ᠤ ᠪᠡᠶᠡᠯᠡᠭᠦᠯᠬᠦ 40 ᠠᠷᠠᠳ ᠤᠨ ᠠᠮᠢᠳᠤᠷᠠᠯ ᠤᠨ ᠪᠣᠳᠠᠲᠤ ᠤᠴᠢᠷ ᠤᠨ ᠨᠢᠭᠡ ᠪᠣᠯᠤᠭᠰᠠᠨ ᠪᠠᠶᠢᠨ᠎ᠠ᠃      ︽ᠪᠤᠭᠤᠲᠤ ᠬᠤᠳᠠ ᠪᠣᠯ ᠪᠦᠭᠦ ᠣᠷᠣᠨ ᠤ ᠳᠣᠲᠣᠷ᠎ᠠ ᠮᠠᠯᠴᠢᠨ ᠲᠠᠷᠢᠶᠠᠴᠢᠨ ᠳᠤ ᠡᠨᠡ ᠲᠦᠷᠤᠯ ᠤᠨ ᠵᠠᠰᠠᠭ ᠤᠨ ᠣᠷᠳᠣᠨ ᠤ ᠲᠤᠰᠠᠯᠠᠮᠵᠢ ᠶᠢᠨ ᠳᠠᠭᠠᠳᠬᠠᠯ ᠬᠤᠳᠠᠯᠳᠤᠨ ᠠᠪᠴᠤ ᠥᠭᠭᠦᠭᠰᠡᠨ ᠴᠣᠷᠢ ᠶᠢᠨ ᠭᠠᠭᠴᠠ ᠬᠤᠳᠠ ᠪᠣᠯᠣᠨ᠎ᠠ᠃ ᠬᠡᠳᠦᠶᠢᠪᠡᠷ ᠪᠡᠯᠡ ᠤᠷᠤᠭᠤᠯᠤᠯᠳᠠ ᠪᠠᠷ ᠲᠡᠶᠢᠮᠦ ᠠᠷᠪᠢᠨ ᠪᠢᠰᠢ ᠪᠤᠯᠪᠠᠴᠤ᠂ ᠨᠡᠷ᠎ᠡ ᠦᠯᠦ ᠲᠡᠮᠳᠡᠭᠯᠡᠬᠦ ᠭᠡᠯᠪᠡᠷᠢ ᠪᠠᠷ ᠪᠠᠲᠤᠯᠠᠭ᠎ᠠ ᠳᠤ ᠣᠷᠣᠭᠤᠯᠤᠨ᠂ ᠪᠠᠲᠤᠯᠠᠭᠳᠠᠬᠤ ᠡᠲᠡᠭᠡᠳ ᠨᠢ ᠬᠤᠳᠠ ᠶᠢᠨ ᠪᠦᠭᠦ ᠮᠠᠯᠴᠢᠨ ᠲᠠᠷᠢᠶᠠᠴᠢᠨ ᠪᠠᠶᠢᠵᠤ᠂ ᠬᠡᠨ ᠨᠢ ᠲᠤᠰᠠᠯᠠᠮᠵᠢ ᠭᠦᠷᠳᠡᠭᠦ ᠨᠥᠬᠦᠴᠡᠯ ᠳᠤ ᠭᠦᠷᠪᠡᠯ ᠳᠠᠷᠤᠢ ᠠᠰᠢᠭ ᠬᠦᠷᠲᠡᠵᠦ᠂ ᠮᠠᠯᠴᠢᠨ ᠲᠠᠷᠢᠶᠠᠴᠢᠳ ᠤᠨ ᠠᠶᠤᠯ ᠲᠦᠭᠰᠢᠭᠦᠷᠢ ᠶᠢᠨ ᠪᠠᠲᠤᠯᠠᠭ᠎ᠠ ᠶᠢᠨ ᠬᠠᠯᠬᠠᠪᠴᠢ ᠶᠢ ᠪᠠᠲᠤ ᠴᠣᠭᠴᠠᠯᠠᠵᠠᠢ︾ ᠭᠡᠵᠦ ᠪᠤᠭᠤᠲᠤ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠥᠩᠭᠦᠨ ᠭᠦᠢᠯᠭᠡᠭᠡ ᠭᠠᠳᠠᠭᠠᠳᠤ ᠠᠵᠤ ᠠᠬᠤᠢ ᠠᠷᠠᠯᠵᠢᠶᠠᠨ ᠤ ᠰᠠᠯᠠᠭ᠎ᠠ ᠶᠢᠨ ᠳᠠᠷᠤᠭ᠎ᠠ ᠯᠢ ᠵᠢᠢ ᠬᠤᠩ ᠶᠠᠷᠢᠵᠤ ᠪᠠᠶᠢᠯ᠎ᠠ᠃      ᠪᠤᠭᠤᠲᠤ ᠬᠤᠳᠠ ᠶᠢᠨ ᠵᠠᠰᠠᠭ ᠤᠨ ᠣᠷᠳᠣᠨ ᠤ ᠲᠤᠰᠠᠯᠠᠮᠵᠢ ᠶᠢᠨ ᠳᠠᠭᠠᠳᠬᠠᠯ ᠪᠣᠯ ᠦᠶᠡᠷ᠂ ᠬᠤᠢ ᠰᠠᠯᠬᠢᠨ᠂ ᠠᠭᠠᠳᠠᠷ ᠪᠣᠷᠣᠭᠠᠨ᠂ ᠠᠶᠤᠩᠭ᠎ᠠ ᠴᠠᠭᠢᠯᠭᠠᠨ᠂ ᠭᠠᠯ ᠤᠨ ᠠᠶᠤᠯ᠂ ᠳᠡᠯᠪᠡᠷᠡᠯᠲᠡ᠂ ᠮᠥᠨᠳᠥᠷ ᠵᠡᠷᠭᠡ ᠪᠠᠶᠢᠭᠠᠯᠢ ᠶᠢᠨ ᠭᠠᠮᠰᠢᠭ᠂ ᠬᠤᠯᠤᠭᠠᠨ᠎ᠠ ᠶᠢᠨ ᠬᠢᠵᠢᠭ ᠵᠡᠷᠭᠡ ᠭᠡᠨᠡᠳᠲᠡ ᠶᠢᠨ ᠡᠭᠦᠰᠦᠯᠲᠡ ᠶᠢᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠲᠡᠷᠡᠴᠢᠯᠡᠨ ᠪᠠᠰᠠ ᠰᠢᠬᠠᠯᠳᠤᠨ ᠭᠢᠰᠬᠢᠭᠳᠡᠬᠦ᠂ ᠦᠨᠡᠨ ᠶᠣᠰᠣᠨ ᠤ ᠲᠥᠯᠥᠭᠡ ᠡᠷᠡᠯᠬᠡᠭ ᠢᠶᠠᠷ ᠲᠡᠮᠡᠴᠡᠭᠰᠡᠨ ᠦᠬᠦᠯ ᠰᠢᠷᠬᠠᠲᠤᠯ ᠤᠨ ᠬᠡᠷᠡᠭ ᠵᠡᠷᠭᠡ ᠳᠤ ᠲᠥᠯᠥᠪᠦᠷᠢ ᠣᠯᠭᠤᠬᠤ ᠪᠠᠲᠤᠯᠠᠭ᠎ᠠ ᠪᠣᠯᠣᠨ᠎ᠠ᠃ ᠲᠥᠯᠥᠪᠦᠷᠢ  ᠶᠢᠨ ᠬᠠᠮᠤᠭ ᠥᠨᠳᠥᠷ ᠪᠠᠷᠢᠮᠵᠢᠶ᠎ᠠ ᠨᠢ 22 ᠲᠦᠮᠡᠨ ᠲᠥᠭᠦᠷᠢᠭ ᠪᠠᠶᠢᠵᠤ᠂ ︽ᠵᠠᠰᠠᠭ ᠤᠨ ᠣᠷᠳᠣᠨ ᠪᠡᠯᠡ ᠭᠠᠷᠭᠠᠵᠤ᠂ ᠠᠷᠠᠳ ᠤᠯᠠᠨ ᠠᠰᠢᠭ ᠭᠦᠷᠳᠡᠭᠦ︾ ᠪᠣᠯ ᠲᠤᠰ ᠲᠤᠰᠠᠯᠠᠮᠵᠢ ᠶᠢᠨ ᠳᠠᠭᠠᠳᠬᠠᠯ ᠤᠨ ᠵᠢᠷᠤᠮᠯᠠᠬᠤ ᠵᠠᠷᠴᠢᠮ ᠪᠣᠯᠣᠨ᠎ᠠ᠃      2023 ᠣᠨ ᠳᠤ᠂ ᠪᠤᠭᠤᠲᠤ ᠬᠤᠳᠠ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠢᠯᠡ ᠪᠠᠷ ᠳᠠᠭᠠᠭᠠᠴᠢᠯᠠᠯᠲᠠ ᠵᠠᠷᠯᠠᠬᠤ ᠪᠠᠷ ᠳᠠᠮᠵᠢᠭᠤᠯᠤᠨ᠂ ᠵᠠᠰᠠᠭ ᠤᠨ ᠣᠷᠳᠣᠨ ᠤ ᠲᠤᠰᠠᠯᠠᠮᠵᠢ ᠶᠢᠨ ᠳᠠᠭᠠᠳᠬᠠᠯ ᠤᠨ ᠬᠦᠴᠦᠨ ᠪᠦᠬᠦᠢ ᠬᠤᠭᠤᠴᠠᠭ᠎ᠠ ᠶᠢ 2 ᠵᠢᠯ ᠢᠶᠠᠷ ᠲᠣᠭᠲᠠᠭᠠᠵᠤ᠂ ᠪᠤᠭᠤᠲᠤ ᠬᠤᠳᠠ ᠶᠢᠨ ᠲᠠᠷᠢᠶᠠᠯᠠᠩ ᠤᠨ ᠡᠷᠦᠭᠡ ᠠᠮᠠ ᠲᠠᠢ ᠮᠠᠯᠴᠢᠨ ᠲᠠᠷᠢᠶᠠᠴᠢᠨ ᠢ ᠪᠠᠲᠤᠯᠠᠬᠤ ᠵᠣᠬᠢᠰᠲᠠᠢ ᠶᠢ ᠨᠢ ᠪᠦᠭᠦᠨ ᠢ ᠪᠠᠲᠤᠯᠠᠭ᠎ᠠ ᠳᠤ ᠣᠷᠣᠭᠤᠯᠤᠭᠰᠠᠨ ᠪᠠᠶᠢᠨ᠎ᠠ᠃ ᠪᠠᠲᠤᠯᠠᠭ᠎ᠠ ᠶᠢᠨ ᠰᠦᠢᠳᠬᠡᠯ ᠢ ᠬᠤᠳᠠ ᠪᠣᠯᠣᠨ ᠬᠤᠰᠢᠭᠤ ᠰᠢᠶᠠᠨ ᠤ ᠡᠳ᠋ ᠤᠨ ᠵᠠᠰᠠᠭ 7᠄ 3 ᠶᠢᠨ ᠬᠠᠷᠢᠴᠠᠯ ᠢᠶᠠᠷ ᠬᠤᠪᠢᠶᠠᠨ ᠲᠥᠯᠥᠭᠰᠡᠨ ᠪᠠᠶᠢᠨ᠎ᠠ᠃      2021 ᠣᠨ ᠠᠴᠠ ᠡᠬᠢᠯᠡᠨ᠂ ᠪᠤᠭᠤᠲᠤ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠨᠡᠶᠢᠭᠡᠮ ᠤᠨ ᠲᠤᠰᠠᠯᠠᠮᠵᠢ ᠶᠢᠨ ᠲᠣᠭᠲᠠᠴᠠ ᠪᠠᠨ ᠰᠢᠨᠡᠴᠢᠯᠡᠵᠦ᠂ ᠪᠦᠭᠦ ᠬᠤᠳᠠ ᠶᠢᠨ ᠮᠠᠯᠴᠢᠨ ᠲᠠᠷᠢᠶᠠᠴᠢᠨ ᠳᠤ ᠵᠠᠰᠠᠭ ᠤᠨ ᠣᠷᠳᠣᠨ ᠤ ᠲᠤᠰᠠᠯᠠᠮᠵᠢ ᠶᠢᠨ ᠳᠠᠭᠠᠳᠬᠠᠯ ᠬᠤᠳᠠᠯᠳᠤᠨ ᠠᠪᠴᠤ ᠥᠭᠭᠦᠭᠡᠳ᠂ ᠤᠳᠤ ᠪᠤᠯᠳᠠᠯ᠎ᠠ 134.9 ᠲᠦᠮᠡᠨ ᠲᠥᠭᠦᠷᠢᠭ ᠤᠨ ᠲᠤᠰᠠᠯᠠᠮᠵᠢ ᠶᠢᠨ ᠳᠠᠭᠠᠳᠬᠠᠯ ᠤᠨ ᠪᠡᠯᠡ ᠮᠥᠩᠭᠦ ᠶᠢ ᠲᠥᠯᠥᠭᠰᠡᠨ ᠪᠠᠶᠢᠨ᠎ᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号