ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠪᠣᠯᠣᠨ ᠲᠠᠷᠢᠶᠠᠯᠠᠩ ᠮᠠᠯ ᠠᠵᠤ ᠠᠬᠤᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠬᠤᠯᠪᠣᠭᠳᠠᠯ ᠪᠦᠬᠦᠢ ᠬᠤᠰᠢᠭᠤ | ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠣᠪᠴᠢᠶ᠎ᠠ | ᠯᠤᠭ᠎ᠠ ᠬᠠᠮᠲᠤᠷᠠᠨ ᠣᠶᠢᠷ᠎ᠠ ᠳᠤ ᠭᠤᠣᠯᠳᠠᠯᠭ᠎ᠠ ᠲᠠᠢ ᠲᠠᠷᠢᠶᠠᠨ ᠦᠷ᠎ᠡ ᠶᠢᠨ ᠵᠠᠬ᠎ᠠ ᠳᠡᠯᠭᠡᠭᠦᠷ ᠪᠣᠯᠣᠨ ᠡᠵᠡᠩᠨᠡᠯᠲᠡ | ᠶᠢᠨ ᠳᠡᠯᠭᠡᠭᠦᠷ ᠲᠤ ᠬᠢᠨᠠᠯᠲᠠ ᠪᠠᠶᠢᠴᠠᠭᠠᠯᠲᠠ ᠪᠠ ᠶᠠᠰᠤ ᠴᠢᠨᠠᠷ ᠤᠨ ᠰᠤᠭᠤᠴᠢᠨ ᠪᠠᠶᠢᠴᠠᠭᠠᠯᠲᠠ ᠬᠢᠵᠦ᠂ ᠬᠠᠪᠤᠷ ᠤᠨ | ᠲᠠᠷᠢᠶᠠᠯᠠᠭ᠎ᠠ ᠳᠤ ᠬᠡᠷᠡᠭᠯᠡᠬᠦ ᠲᠠᠷᠢᠶᠠᠨ ᠦᠷ᠎ᠡ ᠶᠢᠨ ᠠᠮᠤᠷ ᠲᠦᠪᠰᠢᠨ ᠢ ᠪᠠᠲᠤᠯᠠᠭᠰᠠᠨ ᠪᠠᠶᠢᠨ᠎ᠠ᠃ | ᠲᠤᠰ ᠤᠳᠠᠭ᠎ᠠ ᠶᠢᠨ ᠪᠠᠶᠢᠴᠠᠭᠠᠯᠲᠠ ᠳᠤ ᠲᠦᠮᠡᠳ ᠵᠡᠭᠦᠨ ᠬᠤᠰᠢᠭᠤ᠂ ᠲᠣᠭᠲᠠᠬᠤ ᠰᠢᠶᠠ᠂ ᠬᠤᠷᠢᠨᠭᠡᠷ ᠰᠢᠶᠠᠨ᠂ | ᠢᠤᠶᠢᠴᠢᠤᠸᠠᠨ ᠲᠣᠭᠤᠷᠢᠭ᠂ ᠰᠠᠶᠢᠬᠠᠨ ᠲᠣᠭᠤᠷᠢᠭ ᠤᠨ 270 ᠭᠠᠷᠤᠢ ᠲᠠᠷᠢᠶᠠᠨ ᠦᠷ᠎ᠡ ᠶᠢᠨ ᠡᠵᠡᠩᠨᠡᠯᠲᠡ ᠶᠢᠨ | ᠳᠡᠯᠭᠡᠭᠦᠷ ᠢ ᠪᠠᠶᠢᠴᠠᠭᠠᠨ᠂ 680 ᠲᠠᠷᠢᠶᠠᠨ ᠦᠷ᠎ᠡ ᠶᠢᠨ ᠱᠣᠰᠢᠭ᠎ᠠ ᠲᠡᠮᠳᠡᠭ ᠢ ᠪᠠᠶᠢᠴᠠᠭᠠᠵᠤ᠂ 210 ᠬᠤᠪᠢ ᠭᠧᠨ ᠢ | ᠬᠤᠪᠢᠷᠠᠭᠤᠯᠤᠭᠰᠠᠨ ᠪᠦᠷᠢᠯᠳᠦᠭᠦᠨ ᠢ ᠲᠦᠷᠭᠡᠨ ᠪᠠᠶᠢᠴᠠᠭᠠᠨ ᠰᠢᠯᠭᠠᠵᠤ᠂ 65 ᠬᠤᠪᠢ ᠲᠠᠷᠢᠶᠠᠨ ᠦᠷ᠎ᠡ ᠶᠢᠨ | ᠦᠯᠢᠭᠡᠷ ᠡᠳ᠋ ᠢ ᠰᠣᠩᠭᠤᠨ ᠠᠪᠴᠠᠢ᠃ ᠰᠣᠩᠭᠤᠨ ᠠᠪᠤᠭᠰᠠᠨ ᠦᠯᠢᠭᠡᠷ ᠡᠳ᠋ ᠢ ᠨᠢᠭᠡᠨᠲᠡ ᠤᠯᠠᠭᠠᠨᠴᠠᠪ ᠬᠤᠲᠠ ᠶᠢᠨ | ᠲᠠᠷᠢᠶᠠᠨ ᠦᠷ᠎ᠡ ᠶᠢᠨ ᠶᠠᠰᠤ ᠴᠢᠨᠠᠷ ᠢ ᠰᠢᠯᠭᠠᠨ ᠪᠠᠶᠢᠴᠠᠭᠠᠬᠤ ᠲᠥᠪ ᠲᠤ ᠬᠦᠷᠭᠡᠵᠦ᠂ ᠦᠷ᠎ᠡ ᠶᠢᠨ ᠨᠠᠬᠢᠶᠠᠯᠠᠬᠤ | ᠨᠣᠷᠮ᠎ᠠ᠂ ᠤᠰᠤ ᠪᠠ ᠴᠡᠪᠡᠷᠴᠡ ᠶᠢᠨ ᠬᠡᠮᠵᠢᠶ᠎ᠡ ᠵᠡᠷᠭᠡ ᠶᠠᠰᠤ ᠴᠢᠨᠠᠷ ᠤᠨ ᠭᠦᠢᠴᠡᠳᠬᠡᠯ ᠲᠤᠭ᠎ᠠ ᠶᠢᠨ ᠰᠢᠯᠭᠠᠨ | ᠪᠠᠶᠢᠴᠠᠭᠠᠯᠲᠠ ᠬᠢᠪᠡ᠃ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢᠨ ᠶᠠᠪᠤᠴᠠ ᠳᠤ ᠪᠠᠰᠠ 2024 ᠣᠨ ᠤ | ᠭᠦᠭᠡᠬᠤᠲᠠ ᠶᠢᠨ ᠰᠢᠯᠢᠳᠡᠭ ᠡᠭᠦᠯᠳᠡᠷ ᠤᠨ ᠲᠠᠨᠢᠯᠴᠠᠭᠤᠯᠭ᠎ᠠ ᠶᠢᠨ ᠭᠠᠷᠴᠠᠭ᠂ ︽ᠦᠷ᠎ᠡ ᠶᠢᠨ ᠬᠠᠤᠯᠢ︾᠂ ︽ᠲᠠᠪᠤ ᠶᠢ | ᠠᠪᠬᠤ ᠲᠠᠪᠤ ᠶᠢ ᠦᠯᠦ ᠠᠪᠬᠤ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 1100 ᠭᠠᠷᠤᠢ ᠬᠤᠪᠢ ᠲᠠᠷᠬᠠᠭᠠᠵᠠᠢ᠃ | ᠭᠦᠭᠡᠬᠤᠲᠠ ᠦᠷ᠎ᠡ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠣᠨ ᠤ | ᠠᠵᠢᠯᠯᠠᠭ᠎ᠠ ᠲᠠᠢ ᠤᠶᠠᠯᠳᠤᠭᠤᠯᠤᠨ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ᠂ ᠦᠷ᠎ᠡ ᠶᠢᠨ ᠦᠢᠯᠡᠰ ᠤᠨ ᠠᠵᠤ | ᠠᠬᠤᠶᠢᠯᠠᠯ᠂ ᠦᠷ᠎ᠡ ᠪᠣᠶᠢᠵᠢᠭᠤᠯᠬᠤ ᠰᠠᠭᠤᠷᠢᠨ ᠤ ᠬᠢᠨᠠᠯᠲᠠ ᠪᠠᠶᠢᠴᠠᠭᠠᠯᠲᠠ ᠶᠢᠨ ᠠᠵᠢᠯ ᠢ ᠪᠠᠶᠢᠩᠭᠤ ᠥᠷᠨᠢᠭᠦᠯᠵᠦ᠂ | ᠦᠷ᠎ᠡ ᠶᠢᠨ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠬᠤᠳᠠᠯ | ᠬᠠᠭᠤᠷᠮᠠᠭ ᠪᠠᠷᠠᠭ᠎ᠠ ᠲᠠᠸᠠᠷ᠂ ᠡᠷᠬᠡ ᠳᠤ ᠬᠠᠯᠳᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠲᠠᠷᠢᠶᠠᠨ ᠦᠷ᠎ᠡ ᠶᠢᠨ ᠠᠮᠤᠷ ᠲᠦᠪᠰᠢᠨ ᠢ ᠬᠠᠮᠠᠭᠠᠯᠠᠬᠤ ᠪᠣᠯᠣᠨ᠎ᠠ᠃ |