ᠥᠨᠥ ᠵᠢᠯ᠂ ᠣᠷᠳᠣᠰ ᠬᠤᠲᠠ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ | ᠰᠠᠶᠢᠲᠤᠷ ᠠᠳᠬᠤᠵᠤ᠂ ᠤᠯᠤᠰ ᠤᠨ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠦᠷᠢ ᠶᠢᠨ | ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠴᠢᠳ ᠲᠤ ᠠᠰᠢᠭ | ᠬᠦᠷᠲᠡᠭᠡᠬᠦ ᠨᠥᠬᠦᠪᠦᠷᠢ ᠶᠢᠨ ︽ᠪᠦᠷᠢᠨ ᠴᠢᠳᠠᠮᠵᠢᠲᠤ ᠺᠠᠷᠲ︾ ᠲᠤ ᠪᠠᠭᠤᠯᠭᠠᠬᠤ ᠠᠵᠢᠯ ᠢ ᠰᠠᠶᠢᠲᠤᠷ ᠬᠢᠪᠡ᠃ ᠣᠲᠣ | ᠪᠣᠯᠲᠠᠯ᠎ᠠ᠂ ᠣᠷᠳᠣᠰ ᠬᠤᠲᠠ ᠨᠢᠭᠡᠨᠲᠡ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠨᠥᠬᠦᠪᠦᠷᠢ ᠶᠢᠨ | ᠪᠡᠯᠡ ᠮᠥᠩᠭᠦ ᠶᠢ 5.5 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠵᠠᠢ᠃ | ᠣᠶᠢᠯᠠᠭᠠᠭᠰᠠᠨ ᠢᠶᠠᠷ᠂ ᠣᠳᠣᠬᠠᠨ ᠳᠤ᠂ ᠨᠥᠬᠦᠪᠦᠷᠢ ᠶᠢᠨ ᠲᠥᠷᠥᠯ ᠤᠨ ᠲᠠᠷᠢᠶᠠᠴᠢᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠳᠤ ᠭᠤᠣᠯᠳᠠᠭᠤ ᠲᠠᠷᠢᠶᠠᠨ ᠭᠠᠵᠠᠷ ᠪᠠ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ | ᠨᠥᠬᠦᠪᠦᠷᠢ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠶᠢᠨ ᠬᠠᠷᠠᠯᠲᠠᠲᠤ ᠦᠨ᠎ᠡ ᠶᠢᠨ ᠨᠥᠬᠦᠪᠦᠷᠢ᠂ ᠠᠮᠤ ᠪᠤᠳᠠᠭ᠎ᠠ | ᠪᠣᠳᠠᠲᠠᠢ ᠳᠠᠷᠢᠬᠤ ᠲᠠᠷᠢᠶᠠᠴᠢᠳ ᠤᠨ ᠨᠢᠭᠡ ᠯᠡ ᠤᠳᠠᠭᠠᠨ ᠤ ᠴᠢᠨᠠᠷᠲᠠᠢ ᠨᠥᠬᠦᠪᠦᠷᠢ ᠵᠡᠷᠭᠡ ᠪᠣᠶ᠂ ᠨᠥᠬᠦᠪᠦᠷᠢ ᠶᠢᠨ | ᠪᠠᠷᠢᠮᠵᠢᠶ᠎ᠠ ᠶᠢ ᠴᠥᠮ ᠡᠯ᠎ᠡ ᠬᠤᠰᠢᠭᠤ ᠲᠣᠭᠤᠷᠢᠭ ᠤᠳ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠲᠣᠭᠲᠠᠭᠠᠪᠠ᠃ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ︽ᠠᠮᠤ ᠪᠤᠳᠠᠭᠠᠨ ᠤ ᠨᠢᠭᠡᠴᠢ ᠲᠠᠯᠠᠪᠠᠶ ᠶᠢᠨ | ᠤᠨᠠᠯᠲᠠ ᠶᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠬᠦ︾ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ᠂ ᠣᠷᠳᠣᠰ ᠬᠤᠲᠠ ᠠᠵᠠ ᠲᠣᠬᠢᠶᠠᠯ ᠢ ᠠᠮᠵᠢᠨ᠂ | ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠵᠦ᠂ ᠢᠳᠡᠪᠬᠢᠲᠡᠢ ᠪᠠᠷ ᠴᠢᠷᠮᠠᠶᠢᠨ᠂ ᠪᠦᠬᠦᠯᠢ ᠪᠠᠶᠢᠭᠤᠯᠤᠮᠵᠢᠲᠦ ᠠᠷᠭ᠎ᠠ | ᠮᠠᠶ᠋ᠢᠭ ᠢᠶᠠᠷ ᠡᠷᠳᠡᠨᠢ ᠰᠢᠰᠢ ᠶᠢᠨ ᠨᠢᠭᠡᠴᠢ ᠲᠠᠯᠠᠪᠠᠶ ᠶᠢᠨ ᠤᠨᠠᠯᠲᠠ ᠶᠢ ᠨᠡᠮᠡᠭᠳᠡᠭᠦᠯᠬᠦ 2 ᠢᠨᠵᠧᠨᠧᠷᠢᠩ ᠢ | ᠨᠠᠶᠢᠳᠠᠪᠤᠷᠢᠵᠢᠭᠤᠯᠵᠤ᠂ ᠢᠨᠵᠧᠨᠧᠷᠢᠩ ᠤᠨ ᠮᠦ ᠪᠦᠷᠢ ᠳᠤ 900 ᠲᠥᠭᠦᠷᠢᠭ ᠤᠨ ᠪᠡᠯᠡ ᠣᠷᠣᠭᠤᠯᠵᠤ᠂ ᠡᠭᠦᠨ ᠳᠤ | ᠤᠯᠤᠰ ᠠᠴᠠ ᠮᠦ ᠪᠦᠷᠢ ᠳᠤ 300 ᠲᠥᠭᠦᠷᠢᠭ ᠤᠨ ᠪᠡᠯᠡ ᠣᠷᠣᠭᠤᠯᠵᠤ᠂ ᠣᠷᠣᠨ ᠨᠤᠲᠤᠭ ᠪᠠ ᠣᠷᠣᠯᠴᠠᠬᠤ | ᠭᠤᠣᠯ ᠴᠣᠭᠴᠠ ᠠᠴᠠ 600 ᠲᠥᠭᠦᠷᠢᠭ ᠢ ᠢᠵᠢ ᠲᠦᠬᠦᠷᠵᠢᠭᠦᠯᠪᠡ᠃ ᠪᠡᠯᠡ ᠮᠥᠩᠭᠦ ᠶᠢ ᠨᠢᠭᠡᠴᠢ ᠲᠠᠯᠠᠪᠠᠢ ᠶᠢᠨ | ᠤᠨᠠᠯᠲᠠ ᠶᠢ ᠨᠡᠮᠡᠭᠳᠡᠭᠦᠯᠬᠦ ᠲᠠᠢ ᠬᠤᠯᠪᠣᠭᠳᠠᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ᠂ ᠵᠠᠩᠭᠢᠯᠠᠭ᠎ᠠ ᠶᠢᠨ ᠪᠠᠭᠤᠷᠠᠢ | ᠭᠤᠭᠴᠣᠭᠠᠨ ᠤ ᠰᠠᠭᠤᠷᠢ ᠪᠡᠯᠡᠳᠬᠡᠮᠵᠢ ᠶᠢᠨ ᠲᠠᠯ᠎ᠠ ᠪᠠᠷ ᠬᠢ ᠪᠦᠲᠦᠭᠡᠨ ᠪᠠᠶᠢᠭᠤᠯᠤᠯᠲᠠ ᠳᠤ ᠭᠤᠣᠯᠳᠠᠯᠭ᠎ᠠ ᠲᠠᠢ | ᠬᠡᠷᠡᠭᠯᠡᠪᠡ᠃ |