ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠤ ᠡᠵᠡᠩᠨᠡᠯᠲᠡ ᠶᠢᠨ ᠠᠵᠤ ᠠᠬᠤᠶᠢᠯᠠᠯ ᠤᠨ GSP ᠶᠢ ᠪᠠᠶᠢᠴᠠᠭᠠᠵᠤ ᠰᠢᠯᠭᠠᠨ ᠠᠪᠤᠭᠰᠠᠨ ᠪᠠᠶᠢᠳᠠᠯ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/5/16
      ︽ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠬᠡᠷᠡᠭᠵᠢᠭᠦᠯᠬᠦ ᠨᠠᠷᠢᠨ ᠳᠦᠷᠢᠮ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ GSP ᠪᠠᠶᠢᠴᠠᠭᠠᠵᠤ ᠰᠢᠯᠭᠠᠨ ᠠᠪᠬᠤ ᠪᠠᠷᠢᠮᠵᠢᠶ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠨ ᠥᠪᠥᠷ ᠮᠣᠩᠭᠤᠯ ᠤᠨ ᠰᠢᠩ ᠮᠦ ᠠᠭᠤᠰᠤᠯᠴᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠡᠦ ᠽᠢ ᠹᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠡᠾᠦ᠋ᠢ ᠶᠢᠦ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠹᠠᠩ ᠰᠢᠨ ᠮᠠᠯ ᠤᠨ ᠡᠮ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠢᠨ ᠯᠤᠸᠠᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠸᠠᠩ ᠨᠢᠦ ᠡᠮᠨᠡᠯᠭᠡ ᠶᠢᠨ ᠬᠤᠷᠢᠶᠠᠨ ᠤ ᠬᠢᠵᠠᠭᠠᠷᠲᠤ ᠺᠣᠮᠫᠠᠨᠢ᠂ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠬᠤᠷᠴᠢᠨ ᠶᠡᠭᠡ ᠵᠡᠭᠡᠯᠢ ᠶᠢᠨ ᠢ ᠹᠧᠩ ᠮᠠᠯ ᠤᠨ ᠡᠮ ᠤᠨ ᠳᠡᠯᠭᠡᠭᠦᠷ᠂ ᠥᠪᠥᠷ ᠮᠣᠩᠭᠤᠯ ᠤᠨ ᠶᠡᠭᠡ ᠰᠠᠶᠢᠨ ᠮᠠᠯ ᠤᠨ ᠡᠮ ᠤᠨ ᠬᠢᠵᠠᠭᠠᠷᠲᠤ ᠺᠣᠮᠫᠠᠨᠢ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠬᠤᠪᠢᠶᠠᠷᠢ ᠺᠣᠮᠫᠠᠨᠢ ᠵᠡᠷᠭᠡ 8 ᠮᠠᠯ ᠤᠨ ᠡᠮ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠮᠠᠲ᠋ᠧᠷᠢᠶᠠᠯ ᠤᠨ ᠬᠢᠨᠠᠨ ᠪᠠᠶᠢᠴᠠᠭᠠᠯᠲᠠ᠂ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠪᠡ᠃ ᠡᠳᠦᠭᠡ ᠦᠷ᠎ᠡ ᠳ᠋ᠦᠩ ᠢ ᠵᠠᠷᠯᠠᠨ ᠨᠡᠶᠢᠳᠡᠯᠡᠳᠦᠭᠡᠢ᠃       ᠵᠠᠷᠯᠠᠨ ᠨᠡᠶᠢᠲᠡᠯᠡᠬᠦ ᠬᠤᠭᠤᠴᠠᠭ᠎ᠠ  ᠨᠢ 2024 ᠣᠨ ᠤ 5 ᠰᠠᠷ᠎ᠠ ᠶᠢᠨ 16 ᠤ ᠡᠳᠦᠷ ᠠᠴᠠ 5 ᠰᠠᠷ᠎ᠠ ᠶᠢᠨ 22 ᠤᠨ ᠡᠳᠦᠷ ᠪᠣᠯᠲᠠᠯ᠎ᠠ᠃ ᠭᠡᠷᠪᠡ ᠤᠨᠳᠤᠤ ᠰᠠᠨᠠᠯ ᠰᠠᠨᠠᠭᠤᠯᠭ᠎ᠠ ᠪᠠᠶᠢᠪᠠᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠳᠤ ᠬᠠᠷᠢᠭᠤ ᠳᠤᠰᠬᠠᠭᠠᠷᠠᠢ᠃ ᠬᠠᠷᠢᠯᠴᠠᠬᠤ ᠠᠷᠭ᠎ᠠ ᠬᠡᠯᠪᠡᠷᠢ  ᠨᠢ ᠳᠣᠣᠷᠠᠬᠢ ᠮᠡᠲᠦ᠃      ᠬᠠᠷᠢᠯᠴᠠᠬᠤ ᠬᠥᠮᠥᠨ᠄ ᠴᠧᠨ ᠬᠠᠢ ᠫᠢᠩ      ᠬᠢᠨᠠᠯᠲᠠ ᠲᠠᠯᠪᠢᠬᠤ ᠤᠲᠠᠰᠤ᠄ 0471 - 6651798      ᠹᠠᠺᠰ᠄ 0471 - 6652269      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷᠲᠤ       ᠳᠠᠭᠠᠯᠳᠤᠭᠤᠯᠤᠯ᠄ ᠮᠠᠯ ᠤᠨ ᠡᠮ ᠡᠵᠡᠩᠨᠡᠬᠦ ᠠᠵᠤ ᠠᠬᠤᠶᠢᠯᠠᠯ ᠤᠨ GSP ᠪᠠᠶᠢᠴᠠᠭᠠᠵᠤ ᠰᠢᠯᠭᠠᠨ ᠠᠪᠤᠭᠰᠠᠨ ᠪᠠᠶᠢᠳᠠᠯ ᠤᠨ ᠵᠠᠷᠯᠠᠨ ᠨᠡᠶᠢᠲᠡᠯᠡᠬᠦ ᠬᠦᠰᠦᠨᠦᠭᠲᠦ                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                              2024 ᠣᠨ ᠤ 5 ᠰᠠᠷ᠎ᠠ ᠶᠢᠨ 16 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号