ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠦᠨᠳᠦᠰᠦᠨ ᠱᠠᠲᠤᠨ ᠳᠤ ᠬᠦᠷᠴᠦ ᠺᠠᠳ᠋ᠷ ᠤᠨ ᠠᠩᠬᠠᠳᠤᠭᠠᠷ ᠪᠦᠯᠦᠭ ᠰᠣᠯᠢᠯᠴᠠᠭᠠᠨ ᠤ ᠶᠠᠷᠢᠶ᠎ᠠ ᠢᠯᠡᠳᠬᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠡᠷᠬᠢᠯᠡᠪᠡ
ᠨᠡᠶᠢᠲᠡᠯᠡᠭᠰᠡᠨ ᠴᠠᠭ᠄
2024/5/17
      5 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠦᠨᠳᠦᠰᠦᠨ ᠱᠠᠲᠤᠨ ᠳᠤ ᠬᠦᠷᠴᠦ ᠺᠠᠳ᠋ᠷ ᠤᠨ ᠠᠩᠬᠠᠳᠤᠭᠠᠷ ᠪᠦᠯᠦᠭ ᠤᠨ ᠰᠣᠯᠢᠯᠴᠠᠭᠠᠨ ᠤ ᠶᠠᠷᠢᠶ᠎ᠠ ᠢᠯᠡᠳᠬᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠡᠷᠭᠢᠯᠡᠵᠦ᠂ 17 ᠵᠠᠯᠠᠭᠤ ᠺᠠᠳ᠋ᠷ ᠶᠠᠷᠢᠶ᠎ᠠ ᠢᠯᠡᠳᠬᠡᠯ ᠬᠢᠵᠦ᠂ ᠲᠢᠩᠬᠢᠮ ᠤᠨ ᠳᠡᠳ᠋ ᠳᠠᠷᠤᠭ᠎ᠠ ᠵᠣᠣ ᠢᠦᠶ ᠱᠧᠩ᠂ ᠵᠠᠩ ᠬᠤᠸᠠ ᠵᠧᠨ ᠠᠵᠢᠯᠯᠠᠭ᠎ᠠ ᠳᠤ ᠣᠷᠣᠯᠴᠠᠵᠠᠶ᠃
1.jpg
       ᠲᠣᠰ ᠤᠳᠠᠭᠠᠨ ᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠵᠠᠯᠠᠭᠤ ᠺᠠᠳ᠋ᠷ ᠢ ᠰᠣᠩᠭᠤᠨ ᠲᠣᠮᠢᠯᠠᠵᠤ ᠦᠨᠳᠦᠰᠦᠨ ᠱᠠᠲᠤᠨ ᠳᠤ ᠬᠦᠷᠦᠭᠦᠯᠦᠨ ᠳᠠᠪᠲᠠᠨ ᠪᠣᠯᠪᠠᠰᠤᠷᠠᠬᠤ ᠨᠢᠭᠡ ᠤᠳᠠᠭᠠᠨ ᠤ ᠱᠠᠲᠤᠴᠢ ᠴᠢᠨᠠᠷᠲᠠᠶ ᠦᠷ᠎ᠡ ᠪᠦᠲᠦᠭᠡᠯ ᠤᠨ ᠦᠵᠡᠭᠦᠯᠭᠡ ᠮᠥᠨ᠂ ᠪᠠᠰᠠ ᠴᠤ ᠦᠨᠳᠦᠰᠦᠨ ᠱᠠᠲᠤᠨ ᠳᠤ ᠬᠦᠷᠬᠦ ᠺᠠᠳ᠋ᠷ ᠤᠨ ᠦᠨᠳᠦᠰᠦᠨ ᠱᠠᠲᠤᠨ ᠤ ᠠᠵᠢᠯ ᠤᠨ ᠣᠯᠤᠯᠲᠠ ᠲᠥᠷᠥᠭᠳᠡᠯ ᠢᠶᠠᠨ ᠰᠣᠯᠢᠯᠴᠠᠬᠤ ᠶᠠᠪᠤᠳᠠᠯ ᠮᠥᠨ᠃ ᠵᠠᠯᠠᠭᠤ ᠺᠠᠳ᠋ᠷᠴᠤᠳ ᠢ ᠦᠨᠳᠤᠰᠤᠨ ᠱᠠᠳᠤᠨ ᠤ ᠨᠢᠭᠡᠳᠤᠭᠡᠷ ᠹᠷᠤᠨᠲ ᠲᠤ ᠲᠤᠮᠢᠯᠠᠨ ᠤᠴᠢᠭᠤᠯᠵᠤ ᠪᠠᠶᠢᠭ᠎ᠠ ᠨᠢ ᠲᠠᠪᠳᠠᠨ ᠪᠤᠯᠪᠠᠰᠤᠷᠠᠬᠤ ᠲᠤᠮᠳᠠ ᠺᠠᠳ᠋ᠷ ᠢ ᠬᠦᠮᠦᠵᠢᠬᠦᠯᠵᠤ᠂ ᠰᠢᠨᠵᠢᠯᠡᠨ ᠪᠠᠶᠢᠴᠠᠭᠠᠬᠤ ᠮᠦᠷᠳᠡᠭᠡᠨ ᠨᠡᠩ ᠴᠤ ᠦᠨᠳᠤᠰᠤᠨ ᠱᠠᠳᠤᠨ ᠤ ᠦᠢᠯᠡᠳᠤᠯᠭᠡ ᠶᠢᠨ ᠠᠵᠢᠯ ᠤᠨ ᠲᠤᠮᠳᠠ ᠺᠠᠳ᠋ᠷ ᠤᠨ ᠡᠩᠨᠡᠭᠡ ᠶᠢᠨ ᠪᠦᠬᠦᠯᠢ ᠴᠤᠬᠴᠠ ᠶᠢᠨ ᠴᠢᠳᠠᠪᠤᠷᠢ ᠶᠢ ᠲᠡᠭᠡᠭᠰᠢᠯᠡᠬᠦᠯᠵᠤ᠂ ᠦᠪᠡᠷᠳᠡᠭᠡᠨ ᠵᠠᠰᠠᠬᠤ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠤᠢᠢᠯᠡᠰ ᠤᠨ ᠬᠦᠭᠵᠢᠯᠳᠠ ᠳᠤ ᠴᠢᠳᠠᠪᠤᠷᠢᠳᠠᠨ ᠤ ᠬᠦᠴᠤᠨ ᠢ ᠬᠦᠮᠦᠵᠢᠬᠦᠯᠵᠤ ᠦᠭᠬᠦ ᠶᠠᠪᠤᠳᠠᠯ ᠪᠤᠯᠤᠨ᠎ᠡ᠃
2.jpg
      ᠳᠡᠳ᠋ ᠲᠢᠩᠬᠢᠮ ᠤᠨ ᠳᠠᠷᠤᠭ᠎ᠠ ᠵᠣᠣ ᠢᠦᠶ ᠱᠧᠩ ᠶᠠᠷᠢᠶ᠎ᠠ ᠲᠠᠯᠪᠢᠬᠤ ᠳᠠᠭᠠᠨ᠂ ᠡᠨᠡ ᠤᠳᠠᠭᠠᠨ ᠤ ᠦᠨᠳᠦᠰᠦᠨ ᠱᠠᠲᠤᠨ ᠳᠤ ᠬᠦᠷᠴᠦ ᠠᠵᠢᠯᠯᠠᠬᠤ ᠠᠵᠠ ᠲᠣᠬᠢᠶᠠᠯ ᠢ ᠨᠠᠨᠳᠢᠩᠨᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠠᠮᠤ ᠪᠤᠳᠠᠭ᠎ᠠ ᠮᠢᠬ᠎ᠠ ᠰᠦ ᠡᠪᠡᠰᠦ᠂ ᠲᠠᠷᠢᠶᠠᠨ ᠭᠠᠵᠠᠷ ᠤᠨ ᠤᠰᠤᠨ ᠤ ᠮᠡᠷᠭᠡᠵᠢᠯ᠂ ᠬᠡᠯᠬᠢᠶᠡᠨ ᠤ ᠦᠢᠯᠡᠴᠢᠯᠡᠭᠡ ᠶᠢ ᠠᠭᠤᠰᠤᠯᠴᠠᠭᠤᠯᠤᠨ ᠥᠭᠡᠷᠡᠴᠢᠯᠡᠬᠦ ᠵᠡᠷᠭᠡ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠭᠤᠮᠢ ᠶᠢ ᠡᠪᠳᠡᠵᠦ᠂ ᠬᠢᠯᠠᠰ ᠴᠡᠭ ᠭᠠᠷᠭᠠᠵᠤ᠂ ᠳᠠᠪᠲᠠᠨ ᠪᠣᠯᠪᠠᠰᠤᠷᠠᠬᠤ ᠪᠠᠨ ᠴᠢᠩᠭᠠᠳᠬᠠᠵᠤ᠂ ᠬᠠᠷᠠᠭ᠎ᠠ ᠪᠠᠨ ᠥᠷᠭᠡᠳᠬᠡᠨ᠂ ᠲᠤᠷᠰᠢᠯᠭ᠎ᠠ ᠬᠤᠷᠠᠮᠳᠤᠭᠤᠯᠵᠤ᠂ ᠡᠷᠳᠡᠮ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠶ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠪᠠᠭ᠎ᠠ ᠠᠮᠠ ᠪᠠᠷ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠰᠠᠶᠢᠲᠤᠷ ᠠᠳᠬᠤᠵᠤ᠂ ᠠᠰᠠᠭᠤᠳᠠᠯ ᠢ ᠴᠢᠳᠠᠮᠠᠭᠠᠢ ᠪᠠᠷ ᠢᠯᠡᠷᠡᠭᠦᠯᠵᠦ᠂ ᠲᠡᠰ ᠳᠠᠪᠬᠤᠷᠭ᠎ᠠ ᠪᠠᠷ ᠠᠵᠢᠯ ᠢᠶᠠᠨ ᠲᠥᠯᠥᠪᠵᠢᠭᠦᠯᠵᠦ᠂ ᠲᠢᠩᠬᠢᠮ ᠤᠨ ᠰᠢᠰᠲ᠋ᠧᠮ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠤᠯᠠᠨ ᠲᠦᠮᠡᠨ ᠤ ᠠᠵᠢᠯ ᠢ ᠬᠢᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠲᠦᠮᠡᠨ ᠤ ᠳᠣᠲᠣᠨᠣ ᠬᠥᠮᠦᠨ ᠪᠣᠯᠬᠤ ᠬᠡᠷᠡᠭᠲᠡᠢ᠃ ᠴᠢᠳᠠᠮᠠᠭᠠᠶ ᠪᠠᠷ ᠬᠢᠵᠦ ᠴᠢᠳᠠᠮᠠᠭᠠᠶ ᠪᠠᠷ ᠪᠦᠲᠦᠭᠡᠵᠦ᠂ ᠲᠤᠷᠰᠢᠯᠭ᠎ᠠ ᠶᠢᠨ ᠬᠠᠷᠢᠭᠤ ᠮᠡᠳᠡᠭᠦᠯᠦᠯᠲᠡ ᠰᠣᠯᠢᠯᠴᠠᠭ᠎ᠠ ᠶᠢ ᠰᠠᠶᠢᠲᠤᠷ ᠬᠢᠵᠦ᠂ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠴᠤ᠂ ᠦᠨᠳᠦᠰᠦᠨ ᠱᠠᠲᠤᠨ ᠤ ᠠᠵᠢᠯ ᠳᠤ ᠪᠥᠬᠦ ᠲᠠᠯ᠎ᠠ ᠪᠠᠷ ᠣᠷᠣᠯᠴᠠᠵᠤ᠂ ᠯᠠᠪᠳᠠᠭᠤᠨ ᠪᠠᠲᠤᠲᠠᠶ ᠪᠠᠷ ᠦᠨᠳᠦᠰᠦᠨ ᠱᠠᠲᠤᠨ ᠳᠤ ᠬᠡᠳᠦᠨ ᠪᠣᠳᠠᠲᠠᠶ ᠠᠵᠢᠯ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃
3.jpg
     ᠲᠠᠷᠠᠭᠠᠴᠢ ᠶᠢᠨ ᠠᠯᠬᠤᠮ ᠳᠤ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠦᠷᠭᠦᠯᠵᠢᠯᠡᠨ ᠶᠠᠷᠢᠶ᠎ᠠ ᠲᠠᠯᠪᠢᠬᠤ᠂ ᠶᠠᠷᠢᠯᠴᠠᠬᠤ ᠬᠤᠷᠠᠯ ᠡᠷᠬᠢᠯᠡᠬᠦ ᠵᠡᠷᠭᠡ ᠠᠮᠢᠳᠤᠯᠢᠭ ᠣᠯᠠᠨ ᠶᠠᠩᠵᠤ ᠶᠢᠨ ᠬᠡᠯᠪᠡᠷᠢ ᠪᠠᠷ ᠳᠠᠮᠵᠢᠭᠤᠯᠤᠨ᠂ ᠪᠤᠰᠤᠳ ᠦᠨᠳᠦᠰᠦᠨ ᠱᠠᠲᠤᠨ ᠤ ᠺᠠᠳ᠋ᠷ ᠢ ᠳᠠᠪᠲᠠᠨ ᠪᠣᠯᠪᠠᠰᠤᠷᠠᠬᠤ ᠲᠤᠷᠰᠢᠯᠭ᠎ᠠ ᠶᠢᠨ ᠰᠣᠯᠢᠯᠴᠠᠭ᠎ᠠ ᠶᠢ ᠵᠠᠯᠭᠠᠭ᠎ᠠ ᠪᠠᠷ ᠪᠡᠶᠡᠯᠡᠭᠦᠯᠬᠦ ᠪᠣᠯᠤᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号