ᠪᠦᠬᠦ ᠣᠷᠣᠨ ᠤ ︽ᠵᠤᠨ ᠤ︾ ᠪᠤᠭᠤᠳᠠᠢ ᠶᠢ ᠮᠠᠰᠢᠨ ᠢᠶᠠᠷ ᠬᠤᠷᠢᠶᠠᠬᠤ ᠪᠡᠯᠡᠳᠬᠡᠯ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/5/17
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ᠄      ᠡᠨᠡ ᠵᠢᠯ ᠤᠨ ᠵᠤᠨ ᠤ ᠶᠡᠭᠡ ᠬᠡᠪᠴᠢᠶᠡᠨ ᠤ ᠪᠤᠭᠤᠳᠠᠢ ᠶᠢ ᠮᠠᠰᠢᠨ ᠢᠶᠠᠷ ᠬᠤᠷᠢᠶᠠᠬᠤ ᠠᠵᠢᠯ ᠮᠠᠰᠢ ᠲᠦᠷᠭᠡᠨ ᠢᠶᠠᠷ ᠡᠮᠦᠨ᠎ᠡ ᠠᠴᠠ ᠤᠮᠠᠷᠠᠰᠢ ᠱᠠᠲᠤᠯᠠᠨ ᠶᠠᠪᠤᠭᠳᠠᠬᠤ ᠪᠣᠯᠣᠨ᠎ᠠ᠃ ︽︿ᠵᠤᠨ ᠤ﹀ ᠪᠤᠭᠤᠳᠠᠢ ᠶᠢ  ᠮᠠᠰᠢᠨ ᠢᠶᠠᠷ ᠬᠤᠷᠢᠶᠠᠬᠤ ᠪᠡᠯᠡᠳᠬᠡᠯ ᠠᠵᠢᠯ ᠢ ᠰᠠᠶᠢᠲᠤᠷ ᠬᠢᠬᠦ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠵᠤᠷᠭᠠᠨ ᠤ ᠮᠡᠳᠡᠭᠳᠡᠯ︾ ︵ᠲᠠᠷᠢᠶᠠᠯᠠᠩ ᠮᠠᠰᠢᠨ ᠭᠠᠷᠤᠯᠲᠠ〔2024〕9 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽ᠵᠤᠨ ᠤ︾ ᠪᠤᠭᠤᠳᠠᠢ ᠶᠢ ᠮᠠᠰᠢᠨ ᠢᠶᠠᠷ ᠬᠤᠷᠢᠶᠠᠬᠤ ᠠᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠦᠨᠡᠨ ᠬᠦ ᠴᠢᠩᠭᠠᠳᠬᠠᠵᠤ᠂ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠪᠡᠯᠡᠳᠬᠡᠯ ᠢ ᠰᠠᠶᠢᠲᠤᠷ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠠᠵᠢᠯ ᠤᠨ ᠳᠤᠮᠳᠠᠬᠢ ᠲᠠᠷᠢᠶᠠᠯᠠᠩ ᠤᠨ ᠮᠠᠰᠢᠨ ᠤ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠤᠨ ᠤ ᠠᠮᠤ ᠪᠤᠳᠠᠭᠠᠨ ᠤ ᠮᠥᠬᠦᠯᠢᠭ ᠪᠦᠷᠢ ᠶᠢ ᠬᠦᠮᠦᠷᠭᠡᠯᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠰᠠᠭᠤᠷᠢ ᠶᠢ ᠡᠷᠡᠰ ᠪᠠᠲᠤᠳᠬᠠᠬᠤ ᠶᠢᠨ ᠲᠥᠯᠥᠭᠡ᠂ ᠡᠳᠦᠭᠡ ᠪᠥᠬᠦ ᠣᠷᠣᠨ ᠤ ︽ᠵᠤᠨ ᠤ︾ ᠪᠤᠭᠤᠳᠠᠢ ᠶᠢ ᠮᠠᠰᠢᠨ ᠢᠶᠠᠷ ᠬᠤᠷᠢᠶᠠᠬᠤ ᠪᠡᠯᠡᠳᠬᠡᠯ ᠠᠵᠢᠯ ᠤᠨ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠵᠦ ᠪᠠᠶᠢᠨ᠎ᠠ᠄      ᠨᠢᠭᠡ᠂ ᠵᠣᠬᠢᠶᠠᠨ ᠪᠠᠶᠢᠭᠤᠯᠵᠤ ᠳᠠᠶᠢᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ      ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ︽ᠵᠤᠨ ᠤ︾ ᠪᠤᠭᠤᠳᠠᠢ ᠶᠢ ᠮᠠᠰᠢᠨ ᠢᠶᠠᠷ ᠬᠤᠷᠢᠶᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠦᠴᠢᠷᠳᠡᠯ ᠢ ᠭᠦᠢᠴᠡᠳ ᠵᠢᠱᠢᠵᠦ᠂ ᠠᠵᠢᠯ ᠤᠨ ᠤᠷᠢᠳᠴᠢᠯᠠᠭᠰᠠᠨ ᠬᠡᠮᠵᠢᠶ᠎ᠡ ᠶᠢ ᠭᠦᠢᠴᠡᠳ ᠰᠢᠭ ᠬᠢᠵᠦ᠂ ᠦᠢᠯᠡᠴᠢᠯᠡᠭᠡᠨ ᠤ ᠪᠠᠲᠤᠯᠠᠭ᠎ᠠ ᠶᠢ ᠨᠠᠷᠢᠯᠢᠭ ᠰᠢᠭ᠋ ᠬᠢᠵᠦ᠂ ᠲᠡᠭᠦᠨ ᠢ ᠲᠠᠷᠠᠭᠠᠴᠢ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠠᠮᠤᠭ ᠤᠨ ᠴᠢᠬᠤᠯᠠ ᠬᠠᠮᠤᠭ ᠤᠨ ᠲᠤᠯᠭᠠᠮ᠎ᠠ ᠡᠭᠦᠷᠭᠡ ᠪᠣᠯᠭᠠᠵᠤ᠂ ᠡᠯ᠎ᠡ ᠬᠤᠰᠢᠭᠤ ᠰᠢᠶᠠᠨ ᠲᠣᠭᠤᠷᠢᠭ ᠢ ᠵᠣᠬᠢᠶᠠᠨ ᠪᠠᠶᠢᠭᠤᠯᠤᠨ ᠲᠠᠶᠢᠴᠢᠯᠠᠵᠤ ᠪᠠᠶᠢᠭᠠᠳ ᠪᠤᠭᠤᠳᠠᠢ ᠶᠢ ᠮᠠᠰᠢᠨ ᠢᠶᠠᠷ ᠬᠤᠷᠢᠶᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠴᠠᠭ ᠠᠭᠤᠷ ᠵᠢᠴᠢ ᠳᠤᠮᠳᠠᠳᠤ ᠤᠯᠤᠰ ᠤᠨ ᠴᠢᠯᠠᠭᠤᠨ ᠲᠣᠰᠣ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠵᠡᠷᠭᠡ ᠨᠢᠭᠡᠴᠡ ᠲᠠᠢ ᠲᠦᠷᠦᠭᠦᠯᠡᠨ ᠬᠠᠷᠢᠯᠴᠠᠵᠤ᠂ ᠲᠠᠷᠢᠶᠠᠯᠠᠩ ᠤᠨ ᠮᠠᠰᠢᠨ ᠤ ᠵᠠᠮ ᠳᠤ ᠭᠠᠷᠴᠤ ᠨᠡᠪᠲᠡᠷᠡᠬᠦ᠂ ᠲᠠᠷᠢᠶᠠᠨ ᠭᠠᠵᠠᠷ ᠲᠤ ᠪᠠᠭᠤᠵᠤ ᠠᠵᠢᠯᠯᠠᠬᠤ ᠶᠢᠨ ᠬᠤᠷᠢᠭ᠎ᠠ ᠴᠡᠭ ᠤᠨ ᠲᠦᠭᠵᠢᠷᠡᠯ ᠢ ᠡᠷᠡᠰ ᠨᠠᠪᠲᠠᠷᠡᠭᠦᠯᠵᠦ᠂ ᠮᠠᠰᠢᠨ ᠢᠶᠠᠷ ᠬᠤᠷᠢᠶᠠᠬᠤ ᠠᠵᠢᠯ ᠤᠨ ᠲᠦᠷᠭᠡᠨ ᠪᠥᠭᠡᠳ ᠴᠠᠭ ᠲᠤᠬᠠᠢ ᠳᠤᠨᠢ᠂ ᠲᠠᠷᠢᠶᠠᠯᠠᠬᠤ ᠴᠠᠭ ᠢ ᠰᠠᠭᠠᠲᠠᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃      ᠬᠤᠶᠠᠷ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ      ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠤᠭᠰᠠᠨ ᠪᠠᠶᠢᠳᠠᠯ ᠢ ᠴᠠᠭ ᠲᠤᠬᠠᠢ ᠳᠤᠨᠢ ᠮᠥᠷᠳᠡᠨ ᠲᠣᠬᠢᠷᠠᠭᠤᠯᠵᠤ᠂ ᠰᠠᠭᠤᠷᠢ ᠲᠤᠭ᠎ᠠ ᠶᠢ ᠤᠷᠢᠳᠴᠢᠯᠠᠨ ᠣᠶᠢᠯᠠᠭᠠᠵᠤ᠂ ᠮᠠᠰᠢᠨ ᠢᠶᠠᠷ ᠬᠤᠷᠢᠶᠠᠬᠤ ᠠᠵᠢᠯ ᠤᠨ ᠠᠬᠢᠴᠠ᠂ ᠮᠠᠰᠢᠨ ᠪᠠᠭᠠᠵᠢ ᠶᠢᠨ ᠬᠠᠳᠠᠭᠠᠯᠠᠯᠲᠠ ᠶᠢᠨ ᠬᠡᠮᠵᠢᠶ᠎ᠡ ᠵᠡᠷᠭᠡ ᠬᠥᠳᠡᠯᠦᠩᠭᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠬᠦ ᠬᠡᠷᠡᠭᠲᠡᠢ᠃ ᠮᠠᠰᠢᠨ ᠪᠠᠭᠠᠵᠢ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠠᠵᠢᠯᠯᠠᠬᠤ ᠮᠠᠰᠢᠨ ᠪᠠᠭᠠᠵᠢ ᠶᠢᠨ ᠳᠤᠲᠠᠭᠤᠳᠠᠯ ᠨᠡᠯᠢᠶᠡᠳ ᠶᠡᠭᠡ ᠪᠠᠶᠢᠭ᠎ᠠ ᠭᠠᠵᠠᠷ ᠣᠷᠣᠨ ᠢ ᠱᠠᠯᠠᠪᠳᠠᠨ ᠬᠠᠪᠰᠤᠷᠴᠤ ᠪᠠᠶᠢᠭᠠᠳ ᠲᠣᠬᠢᠷᠠᠭᠤᠯᠤᠨ ᠲᠡᠭᠡᠭᠡᠪᠦᠷᠢᠯᠡᠵᠦ᠂ ᠪᠤᠭᠤᠳᠠᠢ ᠶᠢᠨ ᠲᠠᠷᠢᠶ᠎ᠠ ᠨᠢᠭᠡᠪᠦᠷᠢ ᠶᠢ ᠴᠥᠮ ᠣᠷᠭᠠᠨᠢᠭ ᠢᠶᠠᠷ ᠬᠤᠷᠢᠶᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠴᠠᠭ ᠠᠭᠤᠷ ᠤᠨ ᠰᠠᠯᠠᠭ᠎ᠠ ᠮᠥᠴᠢᠷ ᠢ ᠴᠠᠭ ᠲᠤᠬᠠᠢ ᠳᠤᠨᠢ ᠵᠣᠬᠢᠴᠠᠭᠤᠯᠵᠤ ᠪᠠᠶᠢᠭᠠᠳ ᠵᠤᠨ ᠤ ᠬᠤᠷᠢᠶᠠᠯᠲᠠ ᠶᠢᠨ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠵᠦ᠂ ᠡᠷᠲᠡᠬᠡᠨ ᠢᠯᠡ ᠪᠠᠷ ᠨᠡᠶᠢᠲᠡᠯᠡᠵᠦ᠂ ᠮᠠᠰᠢᠨᠴᠢ ᠲᠠᠷᠢᠶᠠᠴᠢᠨ ᠡᠷᠦᠭᠡ ᠶᠢᠨ ᠲᠥᠯᠦᠪᠵᠢᠭᠦᠯᠭᠡ ᠶᠢᠨ ᠠᠵᠢᠯ ᠳᠤ ᠲᠦᠭᠦᠮ ᠦᠵᠡᠭᠦᠯᠬᠦ ᠬᠡᠷᠡᠭᠲᠡᠢ᠃ ᠳᠤᠮᠳᠠᠳᠤ ᠤᠯᠤᠰ ᠤᠨ ᠴᠢᠯᠠᠭᠤᠨ ᠲᠣᠰᠣᠨ ᠤ ᠠᠵᠤ ᠦᠢᠯᠡᠳᠪᠦᠷᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠣᠷᠣᠨ ᠨᠤᠲᠤᠭ ᠤᠨ ᠬᠤᠪᠢᠶᠠᠷᠢ ᠺᠣᠮᠫᠠᠨᠢ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠳᠤ ᠬᠡᠷᠡᠭᠯᠡᠬᠦ ᠲᠣᠰᠣ ᠶᠢ ᠪᠠᠲᠤᠯᠠᠬᠤ ᠠᠵᠢᠯ ᠤᠨ ᠲᠥᠰᠥᠯ ︵2023︱2025 ᠣᠨ︶︾ ᠤᠨ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠤᠨ ᠮᠠᠰᠢᠨ ᠳᠤ ᠬᠡᠷᠡᠭᠯᠡᠬᠦ ᠲᠣᠰᠣ ᠶᠢ ᠤᠷᠢᠳᠠᠪᠠᠷ ᠪᠣᠳᠣᠯᠬᠢᠯᠠᠬᠤ᠂ ᠬᠠᠷᠠᠭᠠᠯᠵᠠᠯ ᠦᠵᠡᠭᠦᠯᠬᠦ᠂ ᠶᠠᠰᠤ ᠴᠢᠨᠠᠷ ᠢ ᠪᠠᠲᠤᠯᠠᠬᠤ᠂ ᠲᠤᠭ᠎ᠠ ᠬᠡᠮᠵᠢᠶ᠎ᠡ ᠶᠢ ᠪᠠᠲᠤᠯᠠᠬᠤ ᠬᠡᠷᠡᠭᠲᠡᠢ᠃ ᠲᠠᠷᠢᠶᠠᠯᠠᠩ ᠤᠨ ᠮᠠᠰᠢᠨ ᠤ ᠲᠣᠰᠣ ᠨᠡᠮᠡᠬᠦ ᠰᠠᠭᠠᠳ ᠦᠭᠡᠢ ᠨᠡᠪᠲᠡᠷᠡᠬᠦ ᠵᠠᠮ ᠪᠠ ᠬᠠᠩᠭᠠᠯᠭ᠎ᠠ ᠶᠢ ᠪᠠᠲᠤᠯᠠᠬᠤ ᠲᠣᠰᠣ ᠨᠡᠮᠡᠬᠦ ᠥᠷᠲᠡᠭᠡ ᠭᠠᠷᠭᠠᠵᠤ᠂ ︽ᠲᠣᠰᠣ ᠬᠦᠷᠭᠡᠬᠦ ᠶᠢ ᠬᠥᠳᠡᠭᠡ ᠪᠠᠭᠤᠯᠭᠠᠬᠤ︾ ︽ᠲᠣᠰᠣ ᠶᠢ ᠲᠠᠷᠢᠶᠠᠨ ᠭᠠᠵᠠᠷ ᠲᠤ ᠬᠦᠷᠭᠡᠬᠦ︾ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠬᠦ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠨᠤᠭᠤᠳ ᠠᠵᠢᠯᠯᠠᠬᠤ ᠲᠠᠯᠠᠪᠠᠶ ᠪᠠᠷ ᠶᠡᠭᠡ᠂ ᠠᠵᠢᠯᠯᠠᠬᠤ ᠮᠠᠰᠢᠨᠴᠢ ᠣᠯᠠᠨ᠂ ᠰᠦᠢᠳᠬᠡᠯ ᠬᠤᠷᠢᠶᠠᠬᠤ ᠥᠷᠲᠡᠭᠡ᠂ ᠲᠣᠰᠣ ᠨᠡᠮᠡᠬᠦ ᠥᠷᠲᠡᠭᠡ ᠵᠡᠷᠭᠡ ᠣᠷᠣᠨ ᠪᠦᠰᠡ ᠳᠤ ︽ᠲᠠᠷᠢᠶᠠᠯᠠᠩ ᠤᠨ ᠮᠠᠰᠢᠨ ᠤ ᠥᠷᠲᠡᠭᠡ︾ ᠵᠡᠷᠭᠡ ᠦᠢᠯᠡᠴᠢᠯᠡᠭᠡᠨ ᠤ ᠲᠠᠯᠠᠪᠤᠷ ᠭᠠᠵᠠᠷ ᠪᠠᠶᠢᠭᠤᠯᠵᠤ᠂ ᠲᠠᠷᠢᠶᠠᠯᠠᠩ ᠤᠨ ᠮᠠᠰᠢᠨᠴᠢ ᠳᠤ ᠠᠮᠠᠷᠠᠬᠤ ᠲᠠᠯᠠᠪᠤᠷ ᠭᠠᠵᠠᠷ ᠪᠠ ᠦᠨᠳᠦᠰᠦᠨ ᠠᠮᠢᠳᠤᠷᠠᠯ ᠤᠨ ᠦᠢᠯᠡᠴᠢᠯᠡᠭᠡ ᠬᠠᠩᠭᠠᠵᠤ᠂ ᠲᠠᠷᠢᠶᠠᠯᠠᠩ ᠤᠨ ᠮᠠᠰᠢᠨ ᠤ ᠲᠠᠷᠢᠶᠠᠨ ᠳᠤ ᠪᠠᠭᠤᠵᠤ ᠠᠵᠢᠯᠯᠠᠬᠤ ᠳᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠬᠤ ᠬᠡᠷᠡᠭᠲᠡᠢ᠃ ᠵᠣᠨ ᠤ ᠬᠤᠷᠢᠶᠠᠯᠲᠠ ᠶᠢᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠪᠠ 24 ᠴᠠᠭ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠠᠯᠠᠭᠤᠨ ᠤᠲᠠᠰᠤ ᠶᠢ ᠭᠥᠯᠢᠶᠡᠨ ᠠᠪᠴᠤ ᠭᠦᠢᠴᠡᠳᠬᠡᠬᠦ ᠠᠵᠢᠯ ᠢ ᠰᠠᠶᠢᠲᠤᠷ ᠬᠢᠵᠦ᠂ ᠠᠰᠠᠭᠤᠯᠲᠠ ᠪᠠᠶᠢᠪᠠᠯ ᠵᠠᠪᠠᠯ ᠬᠠᠷᠢᠭᠤᠯᠵᠤ᠂ ᠱᠠᠭᠠᠷᠳᠠᠯᠭ᠎ᠠ ᠪᠠᠶᠢᠪᠠᠯ ᠵᠠᠪᠠᠯ ᠭᠦᠢᠴᠡᠳᠭᠡᠬᠦ ᠬᠡᠷᠡᠭᠲᠡᠢ᠃      ᠭᠤᠷᠪᠠ᠂ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠢ      2024 ᠣᠨ ᠤ ᠣᠷᠣᠨ ᠠᠯᠤᠰᠯᠠᠨ ᠠᠵᠢᠯᠯᠠᠬᠤ ᠦᠨᠡᠮᠯᠡᠯ ᠢ ᠳᠡᠩᠰᠡᠯᠡᠨ ᠣᠯᠭᠤᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠠᠰ ᠳᠠᠷᠠᠭᠠᠯᠠᠯ ᠶᠣᠰᠣᠭᠠᠷ ᠨᠢᠭᠡ ᠲᠡᠷᠭᠡᠨ ᠳᠤ ᠨᠢᠭᠡ ᠦᠨᠡᠮᠯᠡᠯ ᠣᠯᠭᠤᠬᠤ᠂ ᠰᠦᠢᠳᠬᠡᠯ ᠬᠤᠷᠢᠶᠠᠬᠤ ᠦᠭᠡᠢ ᠪᠠᠷ ᠣᠯᠭᠤᠬᠤ ᠶᠢ ᠨᠠᠶᠢᠳᠠᠪᠤᠷᠢᠵᠢᠭᠤᠯᠵᠤ᠂ ᠰᠠᠷᠢᠭᠠᠯᠠᠬᠤ ᠪᠤᠶᠤ ᠰᠦᠢᠳᠬᠡᠯ ᠬᠤᠷᠢᠶᠠᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠡᠭᠦᠰᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠲᠠᠷᠢᠶᠠᠯᠠᠩ ᠤᠨ ᠮᠠᠰᠢᠨ ᠤ ᠣᠷᠣᠨ ᠠᠯᠤᠰᠯᠠᠨ ᠠᠵᠢᠯᠯᠠᠬᠤ ᠲᠡᠭᠡᠭᠡᠪᠦᠷᠢ ᠶᠢᠨ ᠲᠡᠷᠭᠡ ᠬᠥᠰᠬᠡ ᠶᠢᠨ ᠪᠠᠶᠢᠳᠠᠯ ᠢ ᠣᠨᠣᠪᠴᠢᠲᠠᠶ ᠡᠵᠡᠮᠰᠢᠵᠦ᠂ ᠬᠡᠮᠵᠢᠶ᠎ᠡ ᠠᠴᠠ ᠬᠡᠲᠦᠷᠡᠲᠡᠯ᠎ᠡ ᠲᠡᠭᠡᠭᠡᠪᠦᠷᠢᠯᠡᠬᠦ ᠬᠡᠷᠡᠭᠴᠡᠭᠡ ᠱᠠᠭᠠᠷᠳᠠᠯᠭ᠎ᠠ ᠲᠠᠢ  ᠨᠢ ᠵᠠᠮ ᠬᠠᠷᠢᠯᠴᠠᠭᠠᠨ ᠤ ᠰᠠᠯᠠᠭ᠎ᠠ ᠮᠥᠴᠢᠷ  ᠲᠠᠢ ᠬᠠᠮᠲᠤᠷᠠᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠠᠵᠢᠯᠯᠠᠬᠤ ᠭᠠᠵᠠᠷ ᠲᠤ ᠴᠠᠭ ᠲᠤᠬᠠᠢ ᠳᠤᠨᠢ ᠬᠦᠷᠴᠦ᠂ ᠳᠠᠭᠠᠭᠠᠴᠠ ᠠᠴᠠ ᠬᠡᠲᠦᠷᠡᠲᠡᠯ᠎ᠡ ᠲᠡᠭᠡᠭᠡᠪᠦᠷᠢᠯᠡᠬᠦ ᠳᠠᠯᠳᠠ ᠬᠡᠮ ᠣᠷᠣᠰᠢᠵᠤ ᠮᠡᠳᠡᠬᠦ ᠳᠤ ᠠᠮᠤᠷ ᠲᠦᠪᠰᠢᠨ ᠤ ᠰᠡᠷᠡᠮᠵᠢᠯᠡᠭᠦᠯᠦᠯ ᠢ ᠴᠢᠩᠭᠠᠳᠬᠠᠬᠤ ᠶᠢᠨ ᠬᠠᠮᠲᠤ ᠬᠠᠪᠰᠤᠷᠤᠨ ᠰᠢᠢᠳᠪᠦᠷᠢᠯᠡᠬᠦ ᠬᠡᠷᠡᠭᠲᠡᠢ᠃ ᠲᠦᠷᠭᠡᠨ ᠤ ᠵᠠᠮ ᠤᠨ ᠰᠦᠢᠳᠬᠡᠯ ᠬᠤᠷᠢᠶᠠᠬᠤ ᠥᠷᠲᠡᠭᠡ ᠳᠤ ᠲᠠᠷᠢᠶᠠᠯᠠᠩ ᠤᠨ ᠮᠠᠰᠢᠨ ᠤ ︽ᠰᠠᠭᠠᠳ ᠦᠭᠡᠢ ᠨᠡᠪᠲᠡᠷᠡᠬᠦ ᠵᠠᠮ︾ ᠭᠠᠷᠭᠠᠵᠤ᠂ ᠲᠡᠭᠡᠭᠡᠪᠦᠷᠢ ᠶᠢᠨ ᠲᠡᠷᠭᠡ ᠬᠥᠰᠬᠡ ᠶᠢᠨ ᠲᠥᠪᠯᠡᠷᠡᠨ ᠬᠦᠷᠬᠦ᠂ ᠵᠠᠮ ᠨᠡᠪᠲᠡᠷᠡᠯᠭᠡ ᠶᠢᠨ ᠲᠦᠭᠵᠢᠷᠡᠯ ᠵᠡᠷᠭᠡ ᠪᠠᠶᠢᠳᠠᠯ ᠢ ᠠᠷᠭᠠᠴᠠᠭᠠᠬᠤ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠳᠦᠷᠢᠮ ᠠᠴᠠ ᠬᠥᠩᠭᠡᠨ ᠵᠥᠷᠢᠴᠡᠭᠰᠡᠨ ᠬᠠᠮ ᠬᠠᠳᠤᠵᠤ ᠬᠤᠷᠢᠶᠠᠬᠤ ᠮᠠᠰᠢᠨ ᠵᠢᠴᠢ ᠲᠡᠭᠡᠭᠡᠪᠦᠷᠢ ᠶᠢᠨ ᠲᠡᠷᠭᠡ ᠬᠥᠰᠬᠡ ᠶᠢ ᠤᠷᠢᠳᠠᠪᠠᠷ ᠲᠠᠯᠪᠢᠵᠤ᠂ ︽ᠵᠤᠨ ᠤ︾  ᠬᠤᠭᠤᠴᠠᠭᠠᠨ ᠳᠠᠬᠢ ᠨᠡᠪᠲᠡᠷᠡᠬᠦ ᠦᠷ᠎ᠡ ᠪᠦᠲᠦᠮᠵᠢ ᠶᠢ ᠲᠦᠷᠭᠡᠳᠭᠡᠬᠦ ᠬᠡᠷᠡᠭᠲᠡᠢ᠃      ᠳᠥᠷᠪᠡ᠂ ᠮᠠᠰᠢᠨ ᠢᠶᠠᠷ ᠬᠤᠷᠢᠶᠠᠵᠤ ᠬᠤᠬᠢᠷᠠᠯ ᠢ ᠪᠠᠭᠠᠰᠬᠠᠬᠤ ᠶᠢ ᠴᠢᠩᠭᠠᠷᠠᠭᠤᠯᠬᠤ ᠬᠡᠷᠡᠭᠲᠡᠢ      ︽ᠬᠤᠬᠢᠷᠠᠯ ᠢ ᠪᠠᠭᠠᠰᠬᠠᠬᠤ ᠪᠣᠯ ᠳᠠᠷᠤᠢ ᠭᠠᠷᠤᠯᠲᠠ ᠪᠠᠨ ᠨᠡᠮᠡᠭᠳᠡᠭᠦᠯᠬᠦ ᠶᠠᠪᠤᠳᠠᠯ ᠮᠥᠨ︾ ᠭᠡᠬᠦ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠨ᠂ ᠡᠯ᠎ᠡ ᠭᠠᠵᠠᠷ ᠢ ᠵᠣᠬᠢᠶᠠᠨ ᠪᠠᠶᠢᠭᠤᠯᠤᠨ ᠮᠠᠰᠢᠨ ᠢᠶᠠᠷ ᠬᠤᠷᠢᠶᠠᠵᠤ ᠬᠤᠬᠢᠷᠠᠯ ᠢ ᠪᠠᠭᠠᠰᠬᠠᠬᠤ ᠶᠡᠭᠡ ᠤᠬᠠᠭᠤᠯᠭ᠎ᠠ᠂ ᠶᠡᠭᠡ ᠪᠣᠯᠪᠠᠰᠤᠷᠠᠯ᠂ ᠶᠡᠭᠡ ᠮᠥᠷᠥᠶᠢᠴᠡᠬᠦ ᠠᠵᠢᠯᠯᠠᠭ᠎ᠠ ᠶᠢ ᠥᠷᠨᠢᠭᠦᠯᠵᠦ᠂ ᠮᠠᠰᠢᠨ ᠢᠶᠠᠷ ᠬᠤᠷᠢᠶᠠᠭᠰᠠᠨ ᠬᠤᠬᠢᠷᠠᠯ ᠢ ᠬᠢᠨᠠᠨ ᠬᠡᠮᠵᠢᠵᠦ ᠪᠠᠶᠢᠴᠠᠭᠠᠬᠤ ᠠᠵᠢᠯ ᠢ ᠴᠢᠩᠭᠠᠳᠬᠠᠨ᠂ ᠮᠠᠰᠢᠨ ᠢᠶᠠᠷ ᠬᠤᠷᠢᠶᠠᠵᠤ ᠬᠤᠬᠢᠷᠠᠯ ᠢ ᠪᠠᠭᠠᠰᠬᠠᠬᠤ ᠦᠷ᠎ᠡ ᠪᠦᠲᠦᠮᠵᠢ ᠶᠢ ᠪᠠᠬᠢᠵᠢᠭᠦᠯᠵᠦ᠂ ᠪᠤᠭᠤᠳᠠᠢ ᠶᠢᠨ ᠮᠠᠰᠢᠨ ᠢᠶᠠᠷ ᠬᠤᠷᠢᠶᠠᠭᠰᠠᠨ ᠳᠤᠮᠳᠠᠴᠢ ᠬᠤᠬᠢᠷᠠᠯ ᠤᠨ ᠨᠤᠷᠮ᠎ᠠ ᠶᠢ 2% ᠤᠨ ᠳᠣᠲᠣᠷ᠎ᠠ ᠴᠢᠷᠮᠠᠶᠢᠨ ᠬᠢᠵᠠᠭᠠᠷᠯᠠᠵᠤ᠂ ᠨᠢᠭᠡ ᠵᠢᠩ ᠢᠯᠡᠭᠦᠦ ᠡᠭᠡᠭᠦᠯᠦᠨ ᠠᠪᠴᠢᠷᠠᠪᠠᠯ ᠨᠢᠭᠡ ᠵᠢᠩ ᠢᠯᠡᠭᠦᠦ ᠬᠤᠷᠢᠶᠠᠨ᠎ᠠ᠃ ᠲᠠᠷᠢᠶᠠᠯᠠᠩ ᠤᠨ ᠮᠠᠰᠢᠨ ᠤ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠪᠠ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠤᠨ ᠳᠠᠶᠢᠴᠢᠯᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠪᠡᠯᠡᠳᠬᠡᠯ ᠢ ᠰᠠᠶᠢᠲᠤᠷ ᠬᠢᠵᠦ᠂ ᠵᠠᠩᠭᠢᠯᠠᠭ᠎ᠠ ᠶᠢᠨ ᠦᠶ᠎ᠡ ᠳᠤ ᠰᠢᠪᠲᠤᠯᠤᠨ ᠭᠠᠷᠴᠤ ᠳᠡᠶᠢᠯᠬᠦ᠂ ᠬᠠᠮᠢᠶᠠᠷᠴᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠢ᠃ ︽ᠵᠢᠵᠢᠭ ᠲᠠᠷᠠᠬᠠᠢ ᠪᠣᠶᠢᠲᠠ︾ ᠲᠠᠷᠢᠶᠠᠨ ᠭᠠᠵᠠᠷ ᠪᠣᠯᠣᠨ ᠮᠠᠰᠢᠨ ᠢᠶᠠᠷ ᠬᠤᠷᠢᠶᠠᠬᠤ ᠳᠤ ᠬᠦᠴᠢᠷᠲᠡᠢ ᠲᠠᠷᠢᠶᠠᠴᠢᠨ ᠡᠷᠦᠬᠡ ᠪᠣᠯᠣᠨ ᠲᠠᠷᠢᠶᠠᠴᠢᠨ ᠲᠦᠮᠡᠨ ᠢ ᠴᠠᠭ ᠲᠤᠬᠠᠢ ᠳᠤᠨᠢ ᠠᠩᠬᠠᠷᠴᠤ᠂ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠵᠣᠯᠭᠠᠭᠤᠯᠵᠤ᠂ ᠠᠵᠢᠯᠯᠠᠬᠤ ᠮᠠᠰᠢᠨ ᠪᠠᠭᠠᠵᠢ ᠶᠢ ᠬᠠᠪᠰᠤᠷᠤᠨ ᠨᠠᠶᠢᠳᠠᠪᠤᠷᠢᠵᠢᠭᠤᠯᠵᠤ᠂ ᠨᠢᠭᠡ ᠬᠡᠰᠡᠭ ᠢ ᠴᠦ ᠠᠯᠳᠠᠬᠤ ᠦᠭᠡᠢ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠶᠢ ᠪᠡᠶᠡᠯᠡᠭᠦᠯᠬᠦ ᠬᠡᠷᠡᠭᠲᠡᠢ᠃      ᠲᠠᠪᠤ᠂ ᠦᠢᠯᠡᠳᠪᠦᠷᠢᠯᠡᠯ ᠤᠨ ᠠᠶᠤᠯ ᠦᠭᠡᠢ ᠶᠢ ᠦᠨᠡᠨ ᠬᠦ ᠪᠠᠲᠤᠯᠠᠬᠤ ᠬᠡᠷᠡᠭᠲᠡᠢ      ᠡᠯ᠎ᠡ ᠭᠠᠵᠠᠷ ᠤᠳ ᠲᠠᠷᠢᠶᠠᠯᠠᠩ ᠤᠨ ᠮᠠᠰᠢᠨ ᠤ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠠᠵᠢᠯᠯᠠᠬᠤ ᠮᠡᠷᠭᠡᠵᠢᠯ ᠤᠨ ᠴᠢᠳᠠᠪᠤᠷᠢ᠂ ᠡ᠊ᠨᠳᠡᠯ ᠢ ᠰᠡᠷᠭᠡᠶᠢᠯᠡᠬᠦ ᠵᠡᠷᠭᠡ ᠲᠠᠯ᠎ᠠ ᠪᠠᠷ ᠤᠬᠠᠭᠤᠯᠤᠨ ᠲᠦᠭᠡᠮᠡᠯᠵᠢᠭᠦᠯᠬᠦ ᠪᠣᠯᠪᠠᠰᠤᠷᠠᠯ ᠢ ᠨᠡᠮᠡᠭᠳᠡᠭᠦᠯᠵᠦ᠂ ︽ᠲᠠᠷᠢᠶᠠᠯᠠᠩ ᠤᠨ ᠮᠠᠰᠢᠨ ᠤ ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠲᠠᠷᠢᠶᠠᠯᠠᠩ ᠤᠨ ᠮᠠᠰᠢᠨ ᠤ ᠠᠶᠤᠯ ᠦᠭᠡᠢ ᠶᠢᠨ ᠮᠡᠳᠡᠯᠭᠡ ᠶᠢᠨ ᠤᠬᠠᠭᠤᠯᠭ᠎ᠠ᠂ ᠡ᠊ᠨᠳᠡᠯ ᠢ ᠰᠡᠷᠡᠮᠵᠢᠯᠡᠭᠦᠯᠬᠦ ᠬᠥᠮᠦᠵᠢᠯ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠵᠡᠷᠭᠡ ᠠᠵᠢᠯ ᠢ ᠥᠷᠨᠢᠭᠦᠯᠵᠦ᠂ ︽ᠬᠥᠮᠥᠨ ᠪᠥᠬᠦᠨ ᠠᠶᠤᠯ ᠦᠭᠡᠢ ᠶᠢ ᠡᠷᠬᠢᠮᠯᠡᠨ᠂ ᠬᠥᠮᠥᠨ ᠪᠥᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ ᠠᠶᠤᠯ ᠦᠭᠡᠢ ᠦᠢᠯᠡᠳᠪᠦᠷᠢᠯᠡᠯ ᠤᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠬᠤ ᠬᠡᠷᠡᠭᠲᠡᠢ᠃ ᠬᠠᠮᠵᠢᠯᠴᠠᠭ᠎ᠠ ᠪᠠᠨ ᠴᠢᠩᠭᠠᠳᠬᠠᠵᠤ᠂ ᠣᠯᠠᠨ ᠰᠠᠯᠠᠭ᠎ᠠ ᠮᠥᠴᠢᠷ ᠤᠨ ᠬᠠᠮᠲᠤᠷᠠᠨ ᠵᠠᠰᠠᠬᠤ ᠶᠢ ᠥᠷᠨᠢᠭᠦᠯᠬᠦ ᠶᠢ ᠠᠬᠢᠭᠤᠯᠵᠤ᠂ ᠲᠦᠭᠰᠢᠭᠦᠷᠢ ᠶᠢᠨ ᠳᠠᠯᠳᠠ ᠬᠡᠮ ᠤᠨ ᠨᠠᠷᠢᠨ ᠲᠠᠩᠰᠠ ᠲᠠᠢ ᠡᠷᠲᠡᠬᠡᠨ ᠬᠠᠷᠢᠴᠠᠭᠤᠯᠤᠨ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠵᠤ᠂ ᠮᠠᠰᠢᠨ ᠪᠠᠭᠠᠵᠢ ᠶᠢᠨ ᠬᠠᠩᠭᠠᠯᠭ᠎ᠠ ᠬᠡᠷᠡᠭᠴᠡᠭᠡ ᠲᠡᠩᠴᠡᠭᠦᠷᠢ ᠪᠠᠨ ᠠᠯᠳᠠᠭᠰᠠᠨ᠂ ᠮᠠᠰᠢᠨ ᠬᠠᠰᠢᠬᠤ ᠮᠠᠰᠢᠨ ᠬᠤᠷᠢᠭᠯᠠᠬᠤ ᠮᠥᠷᠭᠦᠯᠳᠦᠭᠡᠨ ᠤ ᠬᠡᠷᠡᠭ ᠶᠠᠪᠤᠳᠠᠯ᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠠᠳᠡᠯ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃       ᠳᠠᠭᠠᠯᠳᠤᠭᠤᠯᠤᠯ᠄ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ 24 ᠴᠠᠭ ᠢᠶᠠᠷ ᠵᠢᠵᠢᠭᠦᠷᠯᠡᠨ ᠰᠠᠬᠢᠬᠤ ᠦᠢᠯᠡᠴᠢᠯᠡᠭᠡᠨ ᠤ ᠤᠲᠠᠰᠤ                                 ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                                ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                       2024 ᠣᠨ ᠤ 5 ᠰᠠᠷ᠎ᠠ ᠶᠢᠨ 16 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号