ᠬᠠᠪᠤᠷ ᠤᠨ ᠤᠯᠠᠷᠢᠯ ᠳᠤ ᠬᠤᠨᠢ ᠲᠡᠵᠢᠭᠡᠬᠦ ᠲᠦᠷᠪᠡᠨ ᠴᠡᠭᠡᠷ
ᠨᠡᠶᠢᠲᠡᠯᠡᠭᠰᠡᠨ ᠴᠠᠭ᠄
2024/5/19
      1.ᠲᠡᠵᠢᠭᠡᠯ ᠪᠣᠷᠳᠤᠭ᠎ᠠ ᠳᠠᠩ ᠭᠠᠭᠴᠠ ᠲᠥᠷᠥᠯ ᠪᠠᠶᠢᠬᠤ ᠶᠢ ᠴᠡᠭᠡᠷᠯᠡᠬᠦ ᠬᠡᠷᠡᠭᠲᠡᠢ      ᠬᠠᠪᠤᠷ ᠤᠨ ᠡᠬᠢᠨ ᠤ ᠤᠯᠠᠷᠢᠯ ᠳᠤ ᠳᠤᠯᠠᠭᠠᠨ ᠤ ᠬᠡᠮᠵᠢᠶ᠎ᠡ ᠬᠠᠷᠢᠴᠠᠩᠭᠤᠢ ᠳᠣᠣᠷ᠎ᠠ᠂ ᠬᠡᠷᠪᠡ ᠲᠡᠵᠢᠭᠡᠯ ᠪᠣᠷᠳᠤᠭ᠎ᠠ ᠶᠢ ᠲᠠᠩ ᠭᠠᠭᠴᠠ ᠬᠡᠷᠡᠭᠯᠡᠪᠡᠯ ᠬᠤᠨᠢ ᠢᠮᠠᠭ᠎ᠠ ᠳᠤ ᠶᠠᠮᠠᠷ ᠨᠢᠭᠡᠨ ᠰᠢᠮ᠎ᠡ ᠲᠡᠵᠢᠭᠡᠯ ᠤᠨ ᠪᠦᠷᠢᠯᠳᠦᠭᠦᠨ ᠳᠤᠲᠠᠭᠳᠠᠵᠤ᠂ ᠰᠢᠩᠭᠡᠭᠡᠯᠲᠡ ᠶᠢᠨ ᠵᠠᠮ ᠪᠤᠶᠤ ᠰᠣᠯᠢᠯᠴᠠᠭ᠎ᠠ ᠶᠢᠨ ᠬᠠᠮᠢᠶ᠎ᠠ ᠪᠦᠬᠦᠢ ᠡᠪᠡᠳᠴᠢᠨ ᠡᠮᠭᠡᠭ ᠲᠤ ᠨᠡᠷᠪᠡᠭᠳᠡᠵᠦ᠂ ᠬᠤᠨᠢ ᠢᠮᠠᠭ᠎ᠠ ᠬᠡᠪ ᠤᠨ ᠥᠰᠦᠯᠲᠡ ᠪᠤᠶᠢᠵᠢᠯᠲᠠ ᠪᠠᠨ ᠠᠯᠳᠠᠵᠤ᠂ ᠬᠤᠨᠢ ᠢᠮᠠᠭᠠᠨ ᠤ ᠰᠦᠷᠦᠭ ᠤᠨ ᠭᠠᠷᠭᠠᠯᠲᠠ ᠶᠢ ᠤᠯᠠᠮ ᠨᠢᠭᠡ ᠠᠯᠬᠤᠮ ᠨᠥᠯᠥᠭᠡᠯᠡᠨ᠂ ᠰᠢᠮ᠎ᠡ ᠲᠡᠵᠢᠭᠡᠯ ᠤᠨ ᠪᠣᠳᠠᠰ ᠢᠶᠠᠷ ᠳᠤᠲᠠᠮᠠᠭ ᠡᠮ᠎ᠡ ᠬᠤᠨᠢ ᠢᠮᠠᠭᠠᠨ ᠤ ᠦᠷᠡᠵᠢᠯ ᠤᠨ ᠴᠢᠳᠠᠪᠤᠷᠢ ᠶᠢ ᠮᠠᠭᠤᠳᠠᠭᠤᠯᠵᠤ᠂ ᠴᠦᠬᠡᠨ ᠢᠰᠢᠭᠡᠯᠡᠵᠦ ᠬᠤᠷᠠᠭᠠᠯᠠᠬᠤ ᠵᠢᠴᠢ ᠬᠤᠷᠠᠭ᠎ᠠ ᠢᠰᠢᠭᠡᠨ ᠤ ᠤᠨᠳᠤᠷᠠᠯᠳᠠ ᠶᠢᠨ ᠨᠣᠷᠮ᠎ᠠ ᠶᠢ ᠪᠠᠭᠤᠷᠠᠭᠤᠯᠳᠠᠭ᠃ ᠨᠠᠮᠤᠷ ᠤᠨ ᠤᠯᠠᠷᠢᠯ ᠳᠤ ᠲᠡᠵᠢᠭᠡᠬᠦ ᠳᠡᠭᠡᠨ ᠬᠤᠨᠢᠨ ᠤ ᠲᠡᠵᠢᠭᠡᠯ ᠪᠣᠷᠳᠤᠭ᠎ᠠ ᠡᠪᠡᠰᠦ ᠶᠢ ᠬᠠᠳᠠᠭᠠᠯᠠᠬᠤ ᠳᠠᠭᠠᠨ ᠪᠥᠬᠦ ᠲᠠᠯ᠎ᠠ ᠪᠠᠷ ᠪᠣᠳᠣᠯᠬᠢᠯᠠᠵᠤ᠂ ᠡᠯ᠎ᠡ ᠲᠥᠷᠥᠯ ᠤᠨ ᠲᠠᠷᠢᠮᠠᠯ ᠤᠨ ᠡᠰᠢ ᠰᠦᠷᠡᠯ᠂ ᠲᠡᠵᠢᠭᠡᠯ ᠡᠪᠡᠰᠦ ᠵᠢᠴᠢ ᠵᠡᠯ᠎ᠡ ᠵᠡᠷᠭᠡ ᠶᠢ ᠬᠤᠯᠢᠯᠳᠤᠭᠤᠯᠤᠨ ᠭᠦᠢᠴᠡᠳ ᠴᠤᠭᠯᠠᠭᠤᠯᠤᠨ ᠬᠠᠳᠠᠭᠠᠯᠠᠬᠤ ᠬᠡᠷᠡᠭᠲᠡᠢ᠃      2. ᠨᠣᠭᠤᠭᠠᠨ ᠡᠪᠡᠰᠦ ᠪᠣᠷᠳᠣᠭᠠᠨ ᠤ ᠴᠢᠨᠠᠷ ᠬᠤᠪᠢᠷᠠᠬᠤ ᠶᠢ ᠴᠡᠭᠡᠷᠯᠡᠬᠦ ᠬᠡᠷᠡᠭᠲᠡᠢ      ᠡᠩ ᠤᠨ ᠪᠠᠶᠢᠳᠠᠯ ᠳᠤ ᠰᠠᠯᠬᠢ ᠵᠢᠪᠠᠷ ᠨᠡᠪᠲᠡᠷᠡᠬᠦ ᠪᠠᠶᠢᠳᠠᠯ ᠪᠠᠷᠤᠭᠲᠠᠢ ᠠᠴᠠ ᠪᠣᠯᠵᠤ᠂ ᠤᠰᠤᠨ ᠤ ᠠᠭᠤᠯᠤᠭᠳᠠᠴᠠ ᠨᠢ ᠬᠡᠲᠦ ᠥᠨᠳᠥᠷ ᠨᠣᠭᠤᠭᠠᠨ ᠪᠣᠷᠳᠤᠭ᠎ᠠ ᠨᠢ ᠸᠠᠯᠠᠵᠤ ᠮᠡᠳᠡᠨ᠎ᠡ᠃ ᠸᠠᠯᠠᠵᠤ ᠬᠤᠪᠢᠷᠠᠭᠰᠠᠨ ᠨᠣᠭᠤᠭᠠᠨ ᠪᠣᠷᠳᠤᠭ᠎ᠠ ᠨᠢ ᠮᠠᠯ ᠰᠦᠷᠦᠭ ᠤᠨ ᠰᠢᠩᠭᠡᠭᠡᠯᠲᠡ ᠶᠢᠨ ᠵᠠᠮ ᠤᠨ ᠡᠪᠡᠳᠴᠢᠨ ᠢ ᠡᠬᠦᠰᠬᠡᠬᠦ ᠮᠦᠷᠲᠡᠭᠡᠨ ᠬᠡᠭᠡᠯ ᠬᠠᠶᠠᠵᠤ ᠮᠡᠳᠡᠬᠦ ᠲᠤᠯᠠ ᠮᠠᠯ ᠤᠨ ᠲᠡᠵᠢᠭᠡᠪᠦᠷᠢ ᠶᠢᠨ ᠠᠵᠤ ᠠᠬᠤᠢ ᠶᠢᠨ ᠦᠷ᠎ᠡ ᠠᠰᠢᠭ ᠢ ᠬᠦᠨᠳᠦ ᠨᠣᠴᠢᠲᠠᠢ ᠰᠦᠷᠳᠡᠭᠦᠯᠳᠡᠭ᠃ ᠡᠶᠢᠮᠦ ᠠᠴᠠ ᠡᠪᠡᠰᠦ ᠪᠣᠷᠳᠤᠭ᠎ᠠ ᠶᠢ ᠬᠠᠳᠠᠭᠠᠯᠠᠬᠤ ᠳᠠᠭᠠᠨ ᠳᠠᠬᠢᠨ ᠳᠠᠪᠲᠠᠨ ᠨᠡᠷᠡᠨ ᠳᠤ ᠡᠭᠡᠭᠡᠬᠦ ᠶᠢ ᠠᠩᠬᠠᠷᠬᠤ ᠶᠢᠨ ᠬᠠᠮᠲᠤ ᠬᠠᠳᠠᠭᠠᠯᠠᠵᠤ ᠪᠠᠶᠢᠭ᠎ᠠ ᠣᠷᠴᠢᠨ ᠲᠣᠭᠤᠷᠢᠨ ᠢᠶᠠᠨ ᠪᠣᠷᠣᠭᠠᠨ ᠤᠰᠤᠨ ᠳᠤ ᠴᠢᠭᠢᠭᠲᠦᠬᠦ ᠠᠴᠠ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠨᠣᠭᠤᠭᠠᠨ ᠡᠪᠡᠰᠦ ᠪᠣᠷᠳᠤᠭ᠎ᠠ ᠴᠢᠨᠠᠷ ᠬᠤᠪᠢᠷᠠᠭᠰᠠᠨ ᠪᠠᠶᠢᠪᠠᠯ ᠴᠠᠭ ᠲᠤᠬᠠᠢ  ᠳᠤᠨᠢ ᠰᠢᠢᠳᠪᠦᠷᠢᠯᠡᠬᠦ ᠬᠡᠷᠡᠭᠲᠡᠢ᠃ ᠡᠪᠡᠰᠦ ᠪᠣᠷᠳᠤᠭ᠎ᠠ ᠶᠢ ᠬᠠᠳᠠᠭᠠᠯᠠᠬᠤ ᠠᠴᠠ ᠡᠮᠦᠨ᠎ᠡ ᠶᠠᠭᠤᠮ᠎ᠠ ᠳᠡᠪᠢᠰᠬᠦ ᠪᠤᠶᠤ ᠨᠥᠬᠦᠬᠦ ᠶᠢ ᠪᠠᠶᠢᠴᠠᠭᠠᠬᠤ ᠶᠢᠨ ᠬᠠᠮᠲᠤ ᠪᠠᠰᠠ ᠡᠪᠡᠰᠦ ᠪᠣᠷᠳᠤᠭ᠎ᠠ ᠶᠢ ᠠᠭᠠᠷ ᠳᠣᠲᠣᠷ᠎ᠠ ᠤᠳᠠᠭᠠᠨ ᠢᠯᠡ ᠭᠠᠷᠭᠠᠬᠤ ᠦᠭᠡᠢ ᠪᠠᠶᠢᠬᠤ ᠶᠢ ᠠᠩᠬᠠᠷᠬᠤ ᠬᠡᠷᠡᠭᠲᠡᠢ᠃ ᠤᠴᠢᠷ ᠨᠢ ᠬᠡᠲᠦᠷᠬᠡᠢ ᠢᠯᠡ ᠭᠠᠷᠭᠠᠪᠠᠯ ᠬᠠᠳᠠᠭᠠᠯᠠᠵᠤ ᠪᠠᠶᠢᠭ᠎ᠠ ᠡᠪᠡᠰᠦ ᠶᠢ ᠢᠯᠵᠢᠷᠡᠭᠦᠯᠦᠨ ᠸᠠᠯᠠᠳᠠᠭ᠃      3. ᠬᠦᠢᠲᠡᠨ ᠬᠥᠯᠳᠡᠭᠦᠦ ᠲᠡᠵᠢᠭᠡᠯ ᠪᠤᠷᠳᠤᠭ᠎ᠠ ᠪᠠᠷ ᠲᠡᠵᠢᠭᠡᠬᠦ ᠶᠢ ᠴᠡᠭᠡᠷᠯᠡᠬᠦ ᠬᠡᠷᠡᠭᠲᠡᠢ      ᠬᠦᠢᠲᠡᠨ ᠬᠥᠯᠳᠡᠭᠦᠦ ᠲᠡᠵᠢᠭᠡᠯ ᠪᠤᠷᠳᠤᠭ᠎ᠠ ᠪᠠᠷ ᠬᠤᠨᠢ ᠲᠡᠵᠢᠭᠡᠭᠰᠡᠨ ᠤ ᠳᠠᠷᠠᠭ᠎ᠠ ᠠᠮᠠᠷᠬᠠᠨ ᠬᠡᠪᠡᠯᠢ ᠡᠪᠡᠳᠬᠦ᠂ ᠰᠠᠭᠤᠯᠭᠠᠬᠤ ᠪᠤᠶᠤ ᠡᠮ᠎ᠡ ᠮᠠᠯ ᠬᠡᠭᠡᠯ ᠬᠠᠶᠠᠬᠤ ᠵᠡᠷᠭᠡ ᠪᠠᠶᠢᠳᠠᠯ ᠢ ᠡᠭᠦᠰᠬᠡᠬᠦ ᠪᠥᠭᠡᠳ ᠵᠠᠷᠢᠮ ᠬᠤᠨᠢ ᠬᠦᠢᠲᠡᠨ ᠬᠥᠯᠳᠡᠭᠦᠦ ᠲᠡᠵᠢᠭᠡᠯ ᠪᠤᠷᠳᠤᠭ᠎ᠠ ᠶᠢ ᠢᠳᠡᠬᠦ ᠦᠭᠡᠢ ᠪᠠᠶᠢᠳᠠᠭ᠃ ᠡᠶᠢᠮᠦ ᠠᠴᠠ ᠲᠡᠵᠢᠭᠡᠯ ᠪᠣᠷᠳᠤᠭ᠎ᠠ ᠶᠢ ᠲᠡᠵᠢᠭᠡᠬᠦ ᠳᠡᠭᠡᠨ ᠮᠠᠯ ᠤᠨ ᠬᠡᠮᠵᠢᠶ᠎ᠡ ᠪᠠ ᠢᠳᠡᠰᠢ ᠶᠢᠨ ᠬᠡᠮᠵᠢᠶ᠎ᠡ ᠶᠢ ᠨᠢ ᠦᠨᠳᠦᠰᠦᠯᠡᠵᠦ᠂ ᠲᠡᠵᠢᠭᠡᠯ ᠪᠣᠷᠳᠤᠭ᠎ᠠ ᠶᠢ ᠬᠠᠯᠠᠭᠠᠵᠤ᠂ ᠬᠠᠮᠤᠭ ᠰᠠᠶᠢᠨ ᠨᠢ ᠪᠦᠯᠢᠶᠡᠨ ᠤᠰᠤ ᠪᠠᠷ ᠤᠰᠤᠯᠠᠬᠤ ᠬᠡᠷᠡᠭᠲᠡᠢ᠃ ᠢᠩᠭᠢᠪᠡᠯ ᠬᠤᠨᠢᠨ ᠤ ᠰᠦᠷᠦᠭ ᠤᠨ ᠪᠡᠶ᠎ᠡ ᠴᠢᠳᠠᠪᠬᠢ ᠶᠢᠨ ᠬᠤᠷᠣᠭᠳᠠᠯ ᠢ ᠪᠠᠭᠠᠰᠬᠠᠬᠤ ᠪᠠᠷ ᠪᠠᠷᠠᠬᠤ ᠦᠭᠡᠢ᠂ ᠪᠠᠰᠠ ᠬᠤᠨᠢᠨ ᠤ ᠪᠡᠶ᠎ᠡ ᠶᠢᠨ ᠳᠣᠲᠣᠭᠠᠳᠤ ᠶᠢᠨ ᠡᠨᠧᠷᠭᠢ ᠶᠢ ᠨᠡᠮᠡᠭᠳᠡᠭᠦᠯᠵᠦ ᠲᠠᠶᠢᠯᠤᠨ᠎ᠠ᠃      4. ᠳᠤᠷ᠎ᠠ ᠪᠠᠷ ᠢᠶᠠᠨ ᠨᠡᠮᠡᠵᠦ ᠬᠠᠰᠤᠬᠤ ᠶᠢ ᠴᠡᠭᠡᠷᠯᠡᠬᠦ ᠬᠡᠷᠡᠭᠲᠡᠢ      ᠬᠤᠨᠢᠨ ᠳᠤ ᠲᠡᠵᠢᠭᠡᠯ ᠪᠣᠷᠳᠤᠭ᠎ᠠ ᠦᠭᠬᠦ ᠳᠡᠭᠡᠨ ᠬᠤᠨᠢᠨ ᠤ ᠪᠡᠶ᠎ᠡ ᠶᠢᠨ ᠪᠠᠶᠢᠳᠠᠯ ᠪᠠ ᠢᠳᠡᠰᠢ ᠶᠢᠨ ᠬᠡᠮᠵᠢᠶ᠎ᠡ ᠶᠢ ᠦᠨᠳᠦᠰᠦᠯᠡᠨ ᠲᠡᠵᠢᠭᠡᠯ ᠪᠣᠷᠳᠤᠭ᠎ᠠ ᠶᠢᠨ ᠬᠡᠮᠵᠢᠶ᠎ᠡ ᠶᠢ ᠲᠣᠭᠲᠠᠭᠠᠬᠤ ᠬᠡᠷᠡᠭᠲᠡᠢ᠃ ᠶᠡᠷᠦ ᠳᠡᠭᠡᠨ ᠬᠤᠨᠢᠨ ᠤ ᠲᠡᠵᠢᠭᠡᠯ ᠪᠣᠷᠳᠣᠭᠠᠨ ᠤ ᠣᠩᠭᠤᠴᠠᠨ ᠳᠤ ᠪᠠᠭ᠎ᠠ ᠰᠠᠭ᠎ᠠ ᠦᠯᠡᠳᠡᠪᠡᠯ ᠬᠠᠮᠤᠭ ᠰᠠᠶᠢᠨ ᠪᠠᠶᠢᠳᠠᠭ᠃ ᠲᠡᠵᠢᠭᠡᠯ ᠪᠣᠷᠳᠤᠭ᠎ᠠ ᠶᠢ ᠬᠡᠲᠦᠷᠡᠲᠡᠯ᠎ᠡ ᠬᠡᠷᠡᠭᠯᠡᠪᠡᠯ ᠪᠦᠷᠢᠯᠭᠡᠵᠦ᠂ ᠪᠠᠭ᠎ᠠ ᠪᠣᠯᠪᠠᠯ ᠬᠤᠨᠢ ᠢᠮᠠᠭ᠎ᠠ ᠴᠠᠳᠲᠠᠯ᠎ᠠ ᠢᠳᠡᠵᠦ ᠳᠡᠶᠢᠯᠬᠦ ᠦᠭᠡᠢ ᠪᠠᠶᠢᠵᠤ᠂ ᠬᠤᠨᠢ ᠢᠮᠠᠭᠠᠨ ᠤ ᠥᠰᠦᠯᠲᠡ ᠪᠤᠶᠢᠵᠢᠯᠲᠠ ᠶᠢᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ᠃ ᠡᠶᠢᠮᠦ ᠠᠴᠠ ᠲᠡᠵᠢᠭᠡᠯᠭᠡ ᠶᠢᠨ ᠪᠠᠶᠢᠳᠠᠯ ᠢ ᠠᠵᠢᠭᠯᠠᠬᠤ ᠪᠠᠷ ᠳᠠᠮᠵᠢᠨ᠂ ᠣᠨᠴᠠᠭᠠᠶᠢᠯᠠᠨ  ᠬᠡᠭᠡᠯ ᠲᠠᠢ ᠮᠠᠯ᠂ ᠲᠥᠯ ᠮᠠᠯ ᠢ ᠲᠣᠭᠲᠠᠭᠰᠠᠨ ᠴᠠᠭ ᠲᠠᠢ ᠲᠣᠭᠲᠠᠭᠰᠠᠨ ᠬᠡᠮᠵᠢᠶ᠎ᠡ ᠲᠠᠢ ᠲᠡᠵᠢᠭᠡᠬᠦ ᠪᠤᠶᠤ ᠥᠰᠦᠯᠲᠡ ᠪᠤᠶᠢᠵᠢᠯᠲᠠ ᠶᠢᠨ ᠪᠠᠶᠢᠳᠠᠯ ᠢ ᠦᠨᠳᠦᠰᠦᠯᠡᠨ ᠳᠤᠷ᠎ᠠ ᠪᠠᠷ ᠢᠶᠠᠨ ᠢᠳᠡᠰᠢᠯᠡᠬᠦ ᠠᠷᠭ᠎ᠠ ᠶᠢ ᠠᠪᠴᠤ ᠪᠤᠯᠤᠨ᠎ᠠ᠂ ᠬᠠᠷᠢᠨ ᠲᠡᠵᠢᠭᠡᠯᠭᠡ ᠶᠢᠨ ᠪᠣᠷᠳᠤᠭ᠎ᠠ ᠶᠢ ᠳᠤᠷ᠎ᠠ ᠪᠠᠷ ᠢᠶᠠᠨ ᠨᠡᠮᠡᠵᠦ ᠬᠠᠰᠤᠵᠤ ᠪᠣᠯᠬᠤ ᠦᠭᠡᠢ᠃
 
ᠢᠷᠡᠯᠲᠡ᠄ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号