ᠮᠠᠯᠵᠢᠬᠤ ᠣᠷᠣᠨ ᠤ ᠲᠠᠷᠠᠬᠠᠢ ᠭᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠬᠢᠭᠡᠳ ᠬᠠᠮᠢᠶᠠᠷᠤᠯᠲᠠ ᠬᠠᠮᠠᠭᠠᠯᠠᠯᠲᠠ ᠶᠢ ᠵᠢᠷᠤᠮᠯᠠᠬᠤ ᠳᠦᠷᠢᠮ ᠲᠠᠢ ᠪᠤᠯᠭᠠᠵᠤ ᠤᠰᠤᠨ ᠤ | ᠬᠠᠩᠭᠠᠯᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ | ᠮᠠᠯᠵᠢᠬᠤ ᠣᠷᠣᠨ ᠤ ᠤᠰᠤ ᠤᠮᠳᠠ ᠶᠢᠨ ᠠᠮᠤᠷ ᠲᠦᠪᠰᠢᠨ ᠢ ᠪᠠᠲᠤᠯᠠᠬᠤ ᠪᠣᠯ ᠬᠥᠳᠡᠭᠡ ᠲᠤᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠲᠤᠯᠭᠠᠭᠤᠷᠢᠯᠠᠯ ᠪᠤᠯᠬᠤ ᠪᠠᠷ ᠪᠠᠷᠠᠬᠤ ᠦᠭᠡᠢ᠂ ᠥᠷᠭᠡᠨ | ᠤᠯᠠᠨ ᠮᠠᠯᠴᠢᠳ ᠲᠠᠢ ᠰᠢᠭᠤᠳ ᠬᠤᠯᠪᠣᠭᠳᠠᠬᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠃ | ᠮᠠᠯᠵᠢᠬᠤ ᠣᠷᠣᠨ ᠤ ᠲᠠᠷᠠᠬᠠᠢ ᠭᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ | ᠬᠢᠭᠡᠳ ᠬᠠᠮᠢᠶᠠᠷᠤᠯᠲᠠ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠰᠤᠨ ᠤ ᠬᠠᠩᠭᠠᠯᠭ᠎ᠠ ᠶᠢ | ᠡᠷᠦᠭᠡ ᠳᠤ ᠬᠦᠷᠭᠡᠬᠦ ᠨᠣᠷᠮ᠎ᠠ ᠶᠢ ᠳᠡᠭᠡᠭᠰᠢᠯᠡᠭᠦᠯᠭᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ | ᠣᠷᠣᠨ ᠤ ᠲᠠᠷᠠᠬᠠᠢ ᠭᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ | ᠬᠠᠮᠢᠶᠠᠷᠤᠯᠲᠠ ᠬᠠᠮᠠᠭᠠᠯᠠᠯᠲᠠ ᠶᠢᠨ ᠮᠡᠷᠭᠡᠵᠢᠯ ᠤᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ︵ᠳᠣᠣᠷ᠎ᠠ ︽ᠮᠡᠷᠭᠡᠵᠢᠯ ᠤᠨ | ᠵᠦᠭᠯᠡᠭᠦᠷ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ ᠡᠨᠡ ᠪᠣᠯ ᠪᠦᠭᠦ ᠤᠯᠤᠰ ᠤᠨ ᠠᠩᠬᠠᠳᠠᠭᠴᠢ | ᠮᠠᠯᠵᠢᠬᠤ ᠣᠷᠣᠨ ᠤ ᠤᠰᠤ ᠬᠠᠩᠭᠠᠬᠤ ᠮᠡᠷᠭᠡᠵᠢᠯ ᠤᠨ ᠵᠦᠭᠯᠡᠭᠦᠷ ᠪᠣᠯᠣᠨ᠎ᠠ᠃ | ᠤᠰᠤ ᠪᠣᠯ ᠠᠮᠢ ᠨᠠᠰᠤᠨ ᠤ ᠡᠬᠢ᠂ ᠦᠢᠯᠡᠳᠪᠦᠷᠢᠯᠡᠯ ᠠᠮᠢᠳᠤᠷᠠᠯ ᠤᠨ ᠰᠠᠭᠤᠷᠢ ᠮᠥᠨ᠃ ︽ᠵᠠᠰᠠᠭ ᠤᠨ | ᠣᠷᠳᠣᠨ ᠠᠴᠠ ᠪᠢᠳᠡᠨ ᠢ ᠬᠠᠪᠰᠤᠷᠤᠨ ᠭᠦᠨ ᠬᠤᠳᠳᠤᠭ ᠮᠠᠯᠲᠠᠵᠤ ᠥᠭᠭᠦᠭᠰᠡᠨ ᠠᠴᠠ ᠤᠳᠤ ᠤᠰᠤ ᠤᠮᠳᠠ ᠶᠢᠨ | ᠠᠰᠠᠭᠤᠳᠠᠯ ᠢᠶᠠᠨ ᠲᠤᠶᠢᠯᠪᠤᠷᠢᠲᠠᠢ ᠰᠢᠢᠳᠪᠦᠷᠢᠯᠡᠯ᠎ᠡ︾ ᠭᠡᠵᠦ ᠤᠷᠠᠳ ᠤᠨ ᠬᠤᠶᠢᠲᠤ ᠬᠤᠰᠢᠭᠤᠨ ᠤ ᠭᠦᠭᠡᠴᠢ ᠰᠤᠮᠤ | ᠶᠢᠨ ᠴᠠᠭᠠᠨ ᠭᠤᠣᠯ ᠭᠠᠴᠠᠭᠠᠨ ᠤ ᠮᠠᠯᠴᠢᠨ ᠬᠡᠷᠡᠯᠳᠦ ᠪᠠᠶᠠᠷᠲᠠᠢ ᠬᠡᠯᠡᠨ᠎ᠡ᠃ ᠮᠠᠨ ᠤ ᠣᠷᠣᠨ ︽ᠤᠰᠤᠨ ᠤ ᠬᠠᠩᠭᠠᠯᠭ᠎ᠠ | ᠶᠢ ᠪᠠᠲᠤᠯᠠᠬᠤ ᠪᠣᠯ ᠠᠷᠠᠳ ᠤᠨ ᠠᠮᠢᠳᠤᠷᠠᠯ ᠢ ᠪᠠᠲᠤᠯᠠᠬᠤ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠠᠲᠤ | ᠦᠢᠯᠡᠳᠦᠯᠭᠡᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ︽ᠨᠢᠭᠡ ᠡᠷᠦᠭᠡ ᠳᠤ ᠨᠢᠭᠡ ᠬᠤᠳᠳᠤᠭ︾᠂ ︽ᠨᠢᠭᠡ ᠡᠷᠦᠭᠡ | ᠳᠤ ᠨᠢᠭᠡ ᠤᠰᠤᠨ ᠵᠣᠭᠤᠷᠢ︾ ᠶᠢᠨ ᠤᠰᠤᠨ ᠰᠤᠷᠪᠤᠯᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠵᠤ᠂ ᠲᠠᠷᠠᠬᠠᠢ ᠪᠤᠲᠠᠷᠬᠠᠢ ᠮᠠᠯᠵᠢᠬᠤ ᠲᠠᠷᠢᠶᠠᠯᠠᠬᠤ ᠡᠷᠦᠭᠡ ᠶᠢᠨ ᠤᠰᠤᠨ ᠤ | ᠬᠠᠩᠭᠠᠯᠭ᠎ᠠ ᠶᠢ ᠪᠠᠲᠤᠯᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠮᠠᠯᠵᠢᠬᠤ ᠣᠷᠣᠨ ᠤ ᠬᠤᠯᠠ ᠠᠴᠠ ᠤᠰᠤ | ᠵᠥᠭᠡᠭᠡᠪᠦᠷᠢᠯᠡᠬᠦ ᠶᠢ ᠦᠨᠳᠦᠰᠦᠨ ᠳᠡᠭᠡᠨ 5 ᠺᠢᠯᠣᠮᠧᠲᠷ ᠤᠨ ᠳᠣᠲᠣᠷ᠎ᠠ ᠬᠢᠵᠠᠭᠠᠷᠯᠠᠬᠤ ᠶᠢᠨ ᠬᠠᠮᠲᠤ ᠰᠠᠯᠬᠢᠨ ᠬᠦᠴᠦ | ᠭᠡᠷᠡᠯᠴᠢ ᠴᠡᠨᠡᠭ ᠢ ᠬᠠᠷᠢᠯᠴᠠᠨ ᠨᠥᠬᠦᠪᠦᠷᠢᠯᠡᠭᠰᠡᠨ ᠲᠥᠬᠦᠭᠡᠷᠦᠮᠵᠢ ᠶᠢ ᠢᠳᠡᠪᠬᠢᠲᠡᠢ ᠣᠷᠣᠭᠤᠯᠤᠨ ᠳᠡᠯᠭᠡᠷᠡᠭᠦᠯᠵᠦ᠂ | ᠮᠠᠯᠵᠢᠬᠤ ᠣᠷᠣᠨ ᠤ ᠮᠠᠰᠢᠨ ᠬᠤᠳᠳᠤᠭ ᠤᠨ ᠴᠠᠭᠢᠯᠭᠠᠨ ᠬᠡᠷᠡᠭᠯᠡᠬᠦ ᠪᠠ ᠲᠤᠨᠤᠭ ᠲᠥᠬᠦᠭᠡᠷᠦᠮᠵᠢ ᠶᠢᠨ ᠬᠥᠯᠳᠡᠬᠦ | ᠠᠴᠠ ᠰᠡᠷᠭᠡᠶᠢᠯᠡᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠤᠳᠤ ᠮᠠᠨ ᠤ ᠣᠷᠣᠨ ᠤ ᠮᠠᠯᠵᠢᠬᠤ ᠲᠠᠷᠢᠶᠠᠯᠠᠬᠤ | ᠣᠷᠣᠨ ᠳᠤ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠣᠷᠮ᠎ᠠ 2015 ᠣᠨ ᠤ 60% ᠪᠠᠶᠢᠭᠰᠠᠨ ᠠᠴᠠ ᠪᠠᠨ | ᠳᠡᠭᠡᠭᠰᠢᠯᠡᠭᠡᠳ 83.6% ᠶᠢ ᠳᠠᠪᠠᠵᠤ᠂ ᠤᠰᠤᠨ ᠠᠰᠢᠭᠯᠠᠯᠲᠠ ᠶᠢᠨ ᠶᠠᠮᠤᠨ ᠤ ᠬᠢᠨᠠᠨ ᠰᠢᠯᠭᠠᠯᠲᠠ ᠶᠢᠨ | ᠭᠦᠢᠴᠡᠳᠬᠡᠯ ᠲᠤᠭ᠎ᠠ ᠶᠢᠨ ᠡᠭᠦᠷᠭᠡ ᠶᠢ 2 ᠵᠢᠯ ᠤᠷᠢᠳᠴᠢᠯᠠᠨ ᠪᠡᠶᠡᠯᠡᠭᠦᠯᠦᠭᠰᠡᠨ ᠪᠠᠶᠢᠨ᠎ᠠ᠃ ᠨᠢᠳᠤᠨᠤᠨ ᠤ ᠵᠢᠯ ᠤᠨ | ᠡᠴᠦᠰ ᠪᠤᠯᠲᠠᠯ᠎ᠠ ᠪᠦᠭᠦ ᠣᠷᠣᠨ ᠢᠶᠠᠷ ᠢᠶᠠᠨ ᠮᠠᠯᠵᠢᠬᠤ ᠲᠠᠷᠢᠶᠠᠯᠠᠬᠤ ᠣᠷᠣᠨ ᠤ ᠡᠯ᠎ᠡ ᠲᠥᠷᠥᠯ ᠤᠨ ᠤᠰᠤ | ᠬᠠᠩᠭᠠᠬᠤ ᠢᠨᠵᠧᠨᠧᠷᠢᠩ ᠢ ᠨᠡᠶᠢᠳᠡ 44 ᠲᠦᠮᠡ ᠭᠠᠷᠤᠢ ᠪᠠᠶᠢᠭᠤᠯᠵᠤ᠂ ᠲᠦᠭ ᠲᠦᠮᠡᠨ ᠮᠠᠯᠴᠢᠨ ᠲᠠᠷᠢᠶᠠᠴᠢᠨ ᠤ | ᠤᠰᠤ ᠤᠮᠳᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠠᠢ᠃ | ᠮᠠᠨ ᠤ ᠣᠷᠣᠨ ᠤ ᠣᠯᠠᠩᠬᠢ ᠮᠠᠯᠵᠢᠬᠤ ᠣᠷᠣᠨ ᠨᠢ ︽ᠭᠠᠵᠠᠷ ᠤᠨ ᠪᠠᠶᠢᠴᠠ ᠪᠤᠳᠤᠯᠢᠶᠠᠨᠲᠠᠢ᠂ ᠬᠥᠮᠥᠨ ᠠᠮᠠ | ᠲᠠᠷᠠᠬᠠᠢ ᠪᠤᠲᠠᠷᠬᠠᠢ᠂ ᠭᠠᠩ ᠬᠠᠭᠤᠷᠠᠢ ᠭᠠᠩᠳᠠᠯ ᠶᠡᠬᠡᠲᠡᠢ︾ ᠪᠠᠶᠢᠳᠠᠭ᠃ ᠡᠭᠦᠨ ᠳᠤ ᠥᠪᠡᠷᠲᠡᠭᠡᠨ ᠵᠠᠰᠠᠬᠤ ᠣᠷᠣᠨ | ᠠᠴᠠ ᠲᠠᠷᠠᠬᠠᠢ ᠭᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠢᠶᠠᠷ ᠭᠤᠣᠯ ᠪᠤᠯᠭᠠᠬᠰᠠᠨ ᠤᠰᠤᠨ ᠠᠰᠢᠭᠯᠠᠯᠲᠠ ᠶᠢᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠪᠠᠬᠢᠵᠢᠭᠦᠯᠵᠦ᠂ ᠮᠠᠯᠵᠢᠬᠤ ᠣᠷᠣᠨ ᠤ | ᠤᠰᠤᠨ ᠤ ᠬᠠᠩᠭᠠᠯᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠪᠠᠶᠢᠨ᠎ᠠ᠃ ᠡᠨᠡ ᠵᠢᠯ | ᠪᠠᠶᠠᠨᠨᠠᠭᠤᠷ ᠬᠤᠲᠠ ᠨᠢᠭᠡᠨᠲᠡ 1212 ᠲᠦᠮᠡᠨ ᠲᠥᠭᠦᠷᠢᠭ ᠤᠨ ᠤᠰᠤ ᠤᠮᠳᠠ ᠶᠢᠨ ᠠᠮᠤᠷ ᠲᠦᠪᠰᠢᠨ ᠤ ᠲᠥᠷᠥᠯ | ᠵᠦᠢᠯ ᠤᠨ ᠪᠡᠯᠡ ᠮᠥᠩᠭᠦ ᠲᠣᠬᠢᠷᠠᠭᠤᠯᠵᠤ᠂ ᠬᠢᠯᠢ ᠶᠢᠨ ᠮᠠᠯᠴᠢᠳ ᠲᠤ ︽ᠰᠠᠨᠠᠭ᠎ᠠ ᠠᠮᠤᠷ︾ ᠤᠰᠤ ᠬᠠᠩᠭᠠᠬᠤ ᠶᠢ | ᠠᠬᠢᠭᠤᠯᠵᠤ ᠪᠤᠢ᠃ ᠰᠢᠯᠢ ᠶᠢᠨ ᠭᠤᠣᠯ ᠠᠶᠢᠮᠠᠭ ᠡᠨᠡ ᠵᠢᠯ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ | 3620 ᠲᠦᠮᠡᠨ ᠲᠥᠭᠦᠷᠢᠭ ᠤᠨ ᠮᠠᠯᠵᠢᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠲᠥᠷᠥᠯ ᠵᠦᠢᠯ ᠤᠨ | ᠪᠡᠯᠡ ᠮᠥᠩᠭᠦ ᠶᠢ ᠠᠰᠢᠭᠯᠠᠨ ᠰᠥᠨᠢᠳ ᠪᠠᠷᠠᠭᠤᠨ ᠬᠤᠰᠢᠭᠤ᠂ ᠰᠥᠨᠢᠳ ᠵᠡᠭᠦᠨ ᠬᠤᠰᠢᠭᠤ᠂ ᠠᠪᠠᠭ᠎ᠠ ᠬᠤᠰᠢᠭᠤ᠂ | ᠵᠡᠭᠦᠨ ᠦᠵᠦᠮᠦᠴᠢᠨ ᠬᠤᠰᠢᠭᠤᠨ ᠤ ᠮᠠᠯᠵᠢᠬᠤ ᠣᠷᠣᠨ ᠳᠤ 244 ᠤᠰᠤᠨ ᠰᠤᠷᠪᠤᠯᠵᠢ ᠶᠢᠨ ᠬᠤᠳᠳᠤᠭ ᠮᠠᠯᠲᠠᠵᠤ᠂ | 94 ᠤᠰᠤᠨ ᠵᠣᠭᠤᠷᠢ ᠪᠠᠶᠢᠭᠤᠯᠬᠤ ᠪᠠᠷ ᠪᠤᠢ ᠁ ᠡᠨᠡ ᠵᠢᠯ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠳᠡᠮᠵᠢᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ | 2 ᠳ᠋ᠦᠩᠰᠢᠭᠤᠷ ᠲᠥᠭᠦᠷᠢᠭ ᠲᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ | 270 ᠢᠨᠵᠧᠨᠧᠷᠢᠩ᠂ ᠮᠠᠯᠵᠢᠬᠤ ᠣᠷᠣᠨ ᠤ ᠲᠠᠷᠠᠬᠠᠢ ᠭᠡᠯᠪᠡᠷᠢ ᠶᠢᠨ ᠤᠰᠤ ᠬᠠᠩᠭᠠᠬᠤ 900 ᠢᠨᠵᠧᠨᠧᠷᠢᠩ ᠢ | ᠰᠢᠨ᠎ᠡ ᠪᠠᠷ ᠪᠦᠲᠦᠭᠡᠨ ᠪᠠᠶᠢᠭᠤᠯᠬᠤ ᠪᠠ ᠥᠭᠡᠷᠡᠴᠢᠯᠡᠨ ᠲᠡᠰ ᠳᠡᠪᠰᠢᠭᠦᠯᠬᠦ ᠪᠠᠷ ᠪᠤᠢ᠃ | ᠥᠪᠥᠷ ᠮᠣᠩᠭᠤᠯ ᠤᠨ ᠮᠠᠯᠵᠢᠬᠤ ᠣᠷᠣᠨ ᠳᠤ ᠤᠰᠤ ᠬᠠᠩᠭᠠᠬᠤ ᠢᠨᠵᠧᠨᠧᠷᠢᠩ ᠡᠳᠦᠷ ᠢᠷᠡᠬᠦᠶ᠎ᠡ | ᠨᠡᠮᠡᠭᠳᠡᠭᠰᠡᠭᠡᠷ ᠶᠤᠮ᠃ ᠲᠠᠭᠡᠪᠡᠯ ᠨᠢᠭᠡᠨᠲᠡ ᠪᠦᠲᠦᠭᠡᠨ ᠪᠠᠶᠢᠭᠤᠯᠤᠭᠰᠠᠨ ᠢᠨᠵᠧᠨᠧᠷᠢᠩ ᠢ ᠬᠡᠷᠬᠢᠨ ᠬᠠᠮᠢᠶᠠᠷᠴᠤ | ᠬᠠᠮᠠᠭᠠᠯᠠᠬᠤ ᠪᠤᠢ︖ ᠰᠢᠨ᠎ᠡ ᠪᠠᠷ ᠪᠦᠲᠦᠭᠡᠨ ᠪᠠᠶᠢᠭᠤᠯᠬᠤ ᠢᠨᠵᠧᠨᠧᠷᠢᠩ ᠢ ᠬᠡᠷᠬᠢᠨ ᠠᠬᠢᠭᠤᠯᠬᠤ ᠪᠤᠢ︖ | ︽︿ᠮᠡᠷᠭᠡᠵᠢᠯ ᠤᠨ ᠵᠦᠭᠯᠡᠭᠦᠷ﹀ ᠨᠢ ᠮᠠᠯᠴᠢᠳ ᠤᠨ ︿ᠤᠤᠭᠤᠬᠤ ᠤᠰᠤ ᠲᠠᠢ﹀ ᠪᠠᠶᠢᠬᠤ ᠶᠢ ᠪᠠᠲᠤᠯᠠᠨ ︿ᠰᠠᠶᠢᠨ ᠤᠰᠤ | ᠤᠤᠭᠤᠬᠤ﹀ ᠶᠢ ᠬᠦᠴᠦᠯᠡᠨ ᠪᠡᠶᠡᠯᠡᠭᠦᠯᠵᠦ᠂ ᠮᠠᠯᠵᠢᠬᠤ ᠣᠷᠣᠨ ᠤ ᠤᠰᠤᠨ ᠤ ᠬᠠᠩᠭᠠᠯᠭ᠎ᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ︾ ᠭᠡᠵᠦ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠤᠨ᠎ᠠ᠃ ᠣᠶᠢᠯᠠᠭᠠᠭᠰᠠᠨ | ᠢᠶᠠᠷ᠂ ︽ᠮᠡᠷᠭᠡᠵᠢᠯ ᠤᠨ ᠵᠦᠭᠯᠡᠭᠦᠷ︾ ᠨᠢ ᠮᠠᠯᠵᠢᠬᠤ ᠣᠷᠣᠨ ᠤ ᠪᠣᠳᠠᠲᠤ ᠪᠠᠶᠢᠳᠠᠯ ᠠᠴᠠ ᠭᠠᠷᠳᠠᠨ ᠤᠰᠤᠨ ᠰᠤᠷᠪᠤᠯᠵᠢ | ᠶᠢᠨ ᠤᠰᠤᠨ ᠤ ᠬᠡᠮᠵᠢᠶ᠎ᠡ᠂ ᠤᠰᠤᠨ ᠤ ᠴᠢᠨᠠᠷ᠂ ᠬᠠᠩᠭᠠᠯᠭ᠎ᠠ ᠶᠢᠨ ᠤᠰᠤᠨ ᠤ ᠶᠠᠰᠤ ᠴᠢᠨᠠᠷ ᠪᠠ ᠤᠰᠤ ᠬᠡᠷᠡᠭᠯᠡᠬᠦ | ᠳᠥᠭᠦᠮ ᠤᠨ ᠬᠡᠮᠵᠢᠶ᠎ᠡ ᠵᠡᠷᠭᠡ 4 ᠲᠠᠯ᠎ᠠ ᠠᠴᠠ ᠮᠠᠯᠵᠢᠬᠤ ᠣᠷᠣᠨ ᠤ ᠤᠰᠤᠨ ᠤ ᠬᠠᠩᠭᠠᠯᠭ᠎ᠠ ᠶᠢᠨ ᠦᠨᠳᠦᠰᠦᠨ | ᠱᠠᠭᠠᠷᠳᠠᠯᠭ᠎ᠠ ᠶᠢ ᠳᠤᠷᠠᠳᠤᠨ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠤᠰᠤ ᠲᠠᠲᠠᠬᠤ ᠪᠠᠷᠢᠯᠭ᠎ᠠ᠂ ᠤᠰᠤᠨ | ᠰᠤᠷᠪᠤᠯᠵᠢ ᠶᠢᠨ ᠳᠠᠭᠠᠯᠲᠠ ᠪᠠᠷᠢᠯᠭ᠎ᠠ ᠵᠡᠷᠭᠡ 7 ᠲᠠᠯ᠎ᠠ ᠠᠴᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ | ᠪᠣᠳᠠᠲᠠᠢ ᠱᠠᠭᠠᠷᠳᠠᠯᠭ᠎ᠠ ᠳᠤᠷᠠᠳᠴᠤ᠂ ᠤᠤᠭᠤᠬᠤ ᠤᠰᠤᠨ ᠤ ᠤᠰᠤᠨ ᠰᠤᠷᠪᠤᠯᠵᠢ ᠶᠢᠨ ᠡᠷᠡᠭᠦᠯ ᠬᠠᠮᠠᠭᠠᠯᠠᠯ ᠤᠨ | ᠠᠮᠤᠷ ᠲᠦᠪᠰᠢᠨ᠂ ᠤᠰᠤ ᠬᠠᠳᠠᠭᠠᠯᠠᠬᠤ ᠴᠦᠭᠦᠷᠤᠮ ᠢ ᠤᠬᠢᠶᠠᠵᠤ ᠴᠡᠪᠡᠷᠯᠡᠬᠦ᠂ ᠭᠡᠷ ᠪᠦᠯᠢ ᠶᠢᠨ ᠤᠰᠤ ᠴᠡᠪᠡᠷᠰᠢᠭᠦᠯᠬᠦ | ᠲᠥᠬᠦᠭᠡᠷᠦᠮᠵᠢ ᠶᠢ ᠠᠷᠠᠴᠢᠯᠠᠬᠤ ᠪᠠ ᠠᠷᠢᠭᠤᠳᠬᠠᠬᠤ ᠲᠥᠬᠦᠭᠡᠷᠦᠮᠵᠢ ᠶᠢ ᠠᠷᠠᠴᠢᠯᠠᠬᠤ ᠵᠡᠷᠭᠡ 4 ᠲᠠᠯ᠎ᠠ ᠠᠴᠠ | ᠤᠰᠤᠨ ᠰᠤᠷᠪᠤᠯᠵᠢ ᠶᠢᠨ ᠢᠨᠵᠧᠨᠧᠷᠢᠩ ᠤᠨ ᠡᠷᠭᠢᠯᠲᠡ ᠶᠢ ᠬᠠᠮᠢᠶᠠᠷᠴᠤ ᠬᠠᠮᠠᠭᠠᠯᠠᠬᠤ ᠠᠵᠢᠯ ᠳᠤ ᠱᠠᠭᠠᠷᠳᠠᠯᠭ᠎ᠠ | ᠳᠤᠷᠠᠳᠴᠠᠢ᠃ ᠪᠠᠰᠠ ᠬᠤᠰᠢᠭᠤ ᠰᠢᠶᠠᠨ ᠠᠴᠠ ᠨᠢᠭᠡᠳᠦᠯᠲᠡᠢ ᠬᠠᠮᠢᠶᠠᠷᠬᠤ ᠶᠢᠨ ᠬᠠᠮᠲᠤ ᠲᠤᠰᠬᠠᠶᠢᠵᠢᠭᠰᠠᠨ | ᠦᠢᠯᠡᠴᠢᠯᠡᠭᠡ ᠶᠢ ᠦᠨᠳᠦᠰᠦᠨ ᠳᠤᠨᠢ ᠪᠦᠷᠬᠦᠭᠦᠯᠵᠦ᠂ ᠮᠠᠰᠢᠨ ᠬᠤᠳᠳᠤᠭ ᠪᠤᠶᠤ ᠤᠰᠤ ᠬᠠᠳᠠᠭᠠᠯᠠᠬᠤ ᠴᠦᠭᠦᠷᠤᠮ | ᠢᠶᠠᠷ ᠳᠡᠮᠵᠢᠨ ᠠᠦ᠋ᠲ᠋ᠣ᠋ ᠪᠠᠷ ᠤᠰᠤ ᠲᠠᠲᠠᠨ ᠡᠷᠦᠭᠡ ᠳᠤ ᠣᠷᠣᠭᠤᠯᠵᠤ᠂ ᠤᠰᠤᠨ ᠤ ᠬᠠᠩᠭᠠᠯᠭ᠎ᠠ ᠶᠢ ᠡᠷᠦᠭᠡ ᠳᠤ | ᠬᠦᠷᠭᠡᠬᠦ ᠨᠣᠷᠮ᠎ᠠ ᠪᠠ ᠲᠦᠭᠡᠭᠡᠯ ᠤᠰᠤ ᠶᠢ ᠲᠦᠭᠡᠮᠡᠯᠵᠢᠭᠦᠯᠬᠦ ᠨᠤᠷᠮ᠎ᠠ ᠶᠢ ᠳᠡᠭᠡᠭᠰᠢᠯᠡᠭᠦᠯᠦᠨ᠂ ᠣᠳᠣᠬᠢᠴᠢᠯᠠᠭᠰᠠᠨ ᠭᠡᠷ | ᠪᠦᠯᠢ ᠶᠢᠨ ᠮᠠᠯᠵᠢᠯ ᠤᠨ ᠲᠠᠯᠠᠪᠠᠶ ᠵᠡᠷᠭᠡ ᠣᠶᠤᠨᠴᠢ ᠤᠰᠤ ᠬᠠᠩᠭᠠᠬᠤ ᠭᠡᠯᠪᠡᠷᠢ ᠶᠢ ᠨᠠᠩ ᠥᠷᠭᠡᠨ ᠢᠶᠠᠷ ᠬᠡᠷᠡᠭᠯᠡᠬᠦ ᠶᠢ | ᠱᠠᠭᠠᠷᠳᠠᠵᠤ᠂ ᠮᠠᠯᠵᠢᠬᠤ ᠣᠷᠣᠨ ᠤ ᠲᠠᠷᠠᠬᠠᠢ ᠭᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠬᠢᠭᠡᠳ ᠬᠠᠮᠢᠶᠠᠷᠤᠯᠲᠠ ᠬᠠᠮᠠᠭᠠᠯᠠᠯᠲᠠ ᠶᠢ ᠵᠢᠷᠤᠮᠯᠠᠬᠤ ᠳᠦᠷᠢᠮ ᠲᠠᠢ ᠪᠣᠯᠭᠠᠪᠠ᠃ |