2024 ᠣᠨ ᠤ ᠤᠯᠠᠭᠠᠨᠬᠠᠳᠠ ᠬᠤᠲᠠ ᠶᠢᠨ ᠮᠠᠯ ᠡᠮᠨᠡᠯᠭᠡ ᠶᠢᠨ ᠠᠵᠢᠯ ᠲᠥᠷᠥᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/5/21
      ᠪᠥᠬᠦ ᠬᠤᠲᠠ ᠶᠢᠨ ᠮᠠᠯ ᠡᠮᠨᠡᠯᠭᠡ ᠶᠢᠨ ᠠᠵᠢᠯ ᠲᠥᠷᠥᠯ ᠤᠨ ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠦᠵᠢᠭᠦᠯᠬᠦ ᠶᠢ ᠠᠬᠢᠭᠤᠯᠵᠤ᠂ ᠠᠵᠢᠯ ᠲᠥᠷᠥᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 5 ᠰᠠᠷ᠎ᠠ ᠶᠢᠨ 20 ᠤ ᠡᠳᠦᠷ᠂ ︽ᠤᠷᠠᠨ ᠰᠡᠳᠬᠢᠮᠵᠢ ᠪᠠᠷ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠯᠠᠪᠳᠠᠭᠤᠨ ᠢᠶᠠᠷ ᠤᠷᠤᠭᠰᠢᠯᠠᠰᠤᠭᠠᠢ︾ 2024 ᠣᠨ ᠤ ᠤᠯᠠᠭᠠᠨᠬᠠᠳᠠ ᠬᠤᠲᠠ ᠶᠢᠨ ᠮᠠᠯ ᠡᠮᠨᠡᠯᠭᠡ ᠶᠢᠨ ᠠᠵᠢᠯ ᠲᠥᠷᠥᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠳᠤ ᠦᠪᠡᠳᠡᠭᠰᠢ ᠶᠡᠭᠡ ᠪᠠᠷ ᠡᠬᠢᠯᠡᠪᠡ᠃ 
图片1.png
          ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠵᠠᠩ ᠱᠧᠩ ᠾᠧ᠂ ᠳᠡᠳ᠋ ᠲᠣᠪᠴᠢᠶᠠᠨ ᠳᠠᠷᠤᠭ᠎ᠠ ᠸᠠᠩ ᠶᠢᠨ ᠬᠤᠸᠠᠨ᠂ ᠤᠯᠠᠭᠠᠨᠬᠠᠳᠠ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠳᠡᠳ᠋ ᠲᠡᠷᠢᠭᠦᠯᠡᠭᠴᠢ ᠢᠦᠶ ᠶᠠᠨ ᠸᠧᠨ᠂ ᠤᠯᠠᠭᠠᠨᠬᠠᠳᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠰᠠᠯᠠᠭ᠎ᠠ᠂ ᠤᠯᠠᠭᠠᠨᠬᠠᠳᠠ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠠᠵᠤ ᠠᠬᠤᠶ ᠮᠡᠷᠭᠡᠵᠢᠯ ᠤᠨ ᠬᠡᠯᠲᠡᠰ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠮᠠᠯ ᠡᠮᠨᠡᠯᠭᠡ ᠶᠢᠨ ᠰᠠᠯᠠᠭ᠎ᠠ᠂ ᠤᠯᠠᠭᠠᠨᠬᠠᠳᠠ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠺᠠᠳ᠋ᠷ ᠠᠵᠢᠯᠲᠠᠨ᠂ ᠤᠷᠤᠯᠳᠤᠭᠠᠨ ᠳᠤ ᠣᠷᠣᠯᠴᠠᠭᠰᠠᠳ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠣᠷᠣᠯᠴᠠᠵᠠᠶ᠃      ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠶᠢᠨ ᠬᠤᠸᠠᠨ᠂ ᠮᠠᠯ ᠡᠮᠨᠡᠯᠭᠡ ᠶᠢᠨ ᠦᠢᠯᠡᠰ ᠪᠣᠯ ᠨᠢᠭᠡᠨ ᠡᠭᠡᠯ ᠵᠢᠷ ᠤᠨ ᠮᠥᠷᠲᠡᠭᠡᠨ ᠠᠭᠤᠤ ᠶᠡᠭᠡ ᠦᠢᠯᠡᠰ ᠮᠥᠨ᠂ ᠮᠠᠯ ᠡᠮᠨᠡᠯᠭᠡ ᠶᠢᠨ ᠠᠵᠢᠯ ᠨᠢ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠳᠤ ᠬᠤᠯᠪᠣᠭᠳᠠᠵᠤ᠂ ᠠᠵᠤ ᠠᠬᠤᠶ ᠨᠡᠶᠢᠭᠡᠮ ᠤᠨ ᠰᠠᠶᠢᠨ ᠠᠵᠢᠯᠯᠠᠭᠠᠨ ᠲᠠᠢ ᠬᠤᠯᠪᠣᠭᠳᠠᠵᠤ᠂ ᠢᠳᠡᠭᠡᠨ ᠤ ᠠᠮᠤᠷ ᠲᠦᠪᠰᠢᠨ᠂ ᠬᠠᠮᠲᠤ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠃ ᠣᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠠᠳᠠ ᠬᠤᠲᠠ ᠶᠢᠨ ᠭᠡᠷ ᠤᠨ ᠲᠡᠵᠢᠭᠡᠪᠦᠷᠢ ᠶᠢᠨ ᠲᠤᠭ᠎ᠠ ᠲᠠᠰᠤᠷᠠᠯᠲᠠ ᠦᠭᠡᠢ ᠨᠡᠮᠡᠭᠳᠡᠵᠦ᠂ ᠮᠠᠯ ᠠᠵᠤ ᠠᠬᠤᠢ ᠶᠢᠨ ᠬᠥᠭᠵᠢᠯᠲᠡ ᠮᠠᠰᠢ ᠲᠦᠷᠭᠡᠨ ᠪᠠᠶᠢᠨ᠎ᠠ᠂ ᠡᠨᠡ ᠨᠢ ᠥᠷᠭᠡᠨ ᠣᠯᠠᠨ ᠮᠠᠯ ᠡᠮᠨᠡᠯᠭᠡ ᠶᠢᠨ ᠠᠵᠢᠯᠲᠠᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠ ᠦᠭᠡ ᠳᠠᠭᠤᠨ ᠦᠭᠡᠢ ᠬᠤᠪᠢ ᠨᠡᠮᠡᠷᠢ ᠦᠵᠡᠭᠦᠯᠬᠦ ᠠᠴᠠ ᠰᠠᠯᠵᠤ ᠴᠢᠳᠠᠬᠤ ᠦᠭᠡᠢ᠂ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠪᠠ ᠭᠡᠵᠦ ᠵᠢᠭᠠᠵᠤ ᠭᠠᠷᠭᠠᠪᠠ᠃      ᠸᠠᠩ ᠶᠢᠨ ᠬᠤᠸᠠᠨ ᠱᠠᠭᠠᠷᠳᠠᠭᠰᠠᠨ ᠨᠢ᠂ ᠥᠷᠭᠡᠨ ᠣᠯᠠᠨ ᠮᠠᠯ ᠡᠮᠨᠡᠯᠭᠡ ᠶᠢᠨ ᠠᠵᠢᠯᠲᠠᠨ ᠨᠢᠭᠡ ᠳᠤ ᠦᠵᠡᠯ ᠰᠠᠨᠠᠭ᠎ᠠ ᠪᠠᠨ ᠨᠢᠭᠡᠳᠬᠡᠵᠦ᠂ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠶ᠃ ᠥᠨᠳᠥᠷ ᠬᠡᠪ ᠪᠣᠯᠪᠠᠰᠤᠷᠠᠯ ᠲᠠᠢ ᠮᠠᠯ ᠡᠮᠨᠡᠯᠭᠡ ᠶᠢᠨ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠵᠦ᠂ ᠤᠯᠠᠭᠠᠨᠬᠠᠳᠠ ᠬᠤᠲᠠ ᠶᠢᠨ ᠮᠠᠯ ᠡᠮᠨᠡᠯᠭᠡ ᠶᠢᠨ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠮᠠᠯ ᠠᠵᠤ ᠠᠬᠤᠢ ᠶᠢᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠵᠦ᠂ ᠤᠯᠠᠭᠠᠨᠬᠠᠳᠠ ᠶᠢ ᠲᠠᠷᠢᠶᠠᠯᠠᠩ ᠮᠠᠯ ᠠᠵᠤ ᠠᠬᠤᠢ ᠶᠢᠨ ᠲᠣᠮᠣ ᠬᠤᠲᠠ ᠠᠴᠠ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠬᠤᠲᠠ ᠪᠣᠯᠭᠠᠨ ᠰᠢᠯᠵᠢᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠬᠤᠶᠠᠷ ᠲᠤ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠵᠤ᠂ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠤᠷ᠎ᠠ ᠮᠡᠷᠭᠡᠵᠢᠯ ᠤᠨ ᠤᠷᠤᠯᠳᠤᠭᠠᠨ ᠢ ᠴᠢᠳᠠᠪᠤᠷᠢᠲᠠᠨ ᠢ ᠬᠥᠮᠦᠵᠢᠭᠦᠯᠬᠦ᠂ ᠴᠢᠳᠠᠪᠤᠷᠢᠲᠠᠨ ᠢ ᠢᠯᠡᠷᠡᠭᠦᠯᠬᠦ ᠰᠢᠯᠭᠠᠭᠤᠷ ᠪᠣᠯᠭᠠᠵᠤ᠂ ᠠᠵᠢᠯ ᠲᠥᠷᠥᠯ ᠤᠨ ᠥᠷᠢᠰᠥᠯᠳᠦᠬᠦ ᠬᠦᠴᠦᠨ ᠢ ᠨᠡᠮᠡᠭᠳᠡᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠬᠤ ᠬᠡᠷᠡᠭᠲᠡᠢ᠃ ᠭᠤᠷᠪᠠ ᠳᠤ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠪᠣᠯᠪᠠᠰᠤᠨ ᠤ ᠤᠷᠤᠯᠳᠤᠭᠠᠨ ᠶᠠᠪᠤᠭᠤᠯᠬᠤ ᠬᠡᠷᠡᠭᠲᠡᠢ᠃ ᠤᠷᠤᠯᠳᠤᠭᠠᠨ ᠢᠶᠠᠷ ᠳᠠᠮᠵᠢᠨ ᠴᠢᠳᠠᠪᠤᠷᠢ ᠪᠠᠨ ᠢᠯᠡᠷᠡᠭᠦᠯᠵᠦ᠂ ᠬᠢᠷᠢ ᠲᠦᠪᠰᠢᠨ ᠢᠶᠠᠨ ᠭᠠᠷᠭᠠᠨ᠂ ᠬᠡᠪ ᠨᠠᠮᠪᠠ ᠲᠠᠢ ᠠᠳᠠᠯᠢᠳᠬᠠᠵᠤ᠂ ᠮᠠᠯᠴᠢᠨ ᠲᠠᠷᠢᠶᠠᠴᠢᠨ ᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ ᠭᠡᠪᠡ᠃      ᠤᠷᠤᠯᠳᠤᠭᠠᠨ ᠤ ᠬᠢᠨᠠᠭᠴᠢ ᠶᠢᠨ ᠲᠥᠯᠥᠭᠡᠯᠡᠭᠴᠢ᠂ ᠤᠷᠤᠯᠳᠤᠭᠠᠨ ᠳᠤ ᠣᠷᠣᠯᠴᠠᠭᠴᠢ ᠶᠢᠨ ᠲᠥᠯᠥᠭᠡᠯᠡᠭᠴᠢ ᠲᠣᠰ ᠲᠣᠰ ᠲᠠᠶᠢᠰᠠᠨ ᠳᠤ ᠭᠠᠷᠴᠤ ᠲᠠᠩᠭᠠᠷᠢᠭᠯᠠᠪᠠ᠃ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ ᠵᠠᠩ ᠱᠧᠩ ᠾᠧ ᠤᠷᠤᠯᠳᠤᠭᠠᠨ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ 
图片2.png
       ︽ᠤᠷᠠᠨ ᠰᠡᠳᠬᠢᠮᠵᠢ ᠪᠠᠷ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠯᠠᠪᠳᠠᠭᠤᠨ ᠢᠶᠠᠷ ᠤᠷᠤᠭᠰᠢᠯᠠᠰᠤᠭᠠᠢ︾ 2024 ᠣᠨ ᠤ ᠤᠯᠠᠭᠠᠨᠬᠠᠳᠠ ᠬᠤᠲᠠ ᠶᠢᠨ ᠮᠠᠯ ᠡᠮᠨᠡᠯᠭᠡ ᠶᠢᠨ ᠠᠵᠢᠯ ᠲᠥᠷᠥᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠬᠠᠮᠲᠤᠷᠠᠨ ᠡᠷᠭᠢᠯᠡᠵᠦ᠂ ᠤᠯᠠᠭᠠᠨᠬᠠᠳᠠ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠳᠠᠭᠠᠭᠠᠴᠢᠯᠠᠨ ᠡᠷᠭᠢᠯᠡᠪᠡ᠃ ᠲᠣᠰ ᠤᠳᠠᠭᠠᠨ ᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠤ ᠱᠠᠲᠤ ᠨᠢ ᠨᠢᠭᠡ ᠭᠠᠷᠠᠭ ᠶᠠᠪᠤᠭᠳᠠᠵᠤ᠂ ᠪᠢᠷ ᠤᠨ ᠰᠢᠯᠭᠠᠯᠲᠠ᠂ ᠨᠢᠭᠤᠷᠲᠠᠨ ᠰᠢᠯᠭᠠᠯᠳᠠ ᠪᠠ ᠲᠤᠬᠠᠶ ᠶᠢᠨ ᠲᠠᠯᠠᠪᠤᠷ ᠤᠨ ᠤᠷ᠎ᠠ ᠴᠢᠳᠠᠪᠤᠷᠢ ᠶᠢᠨ ᠠᠵᠢᠯᠯᠠᠭ᠎ᠠ ᠶᠢ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ ᠤᠷᠤᠯᠳᠤᠭᠠᠨ ᠳᠤ ᠤᠷᠤᠯᠴᠠᠭᠰᠠᠳ ᠲᠤ ᠬᠢᠨᠠᠨ ᠰᠢᠯᠭᠠᠯᠲᠠ ᠬᠢᠬᠦ ᠪᠣᠯᠤᠨ᠎ᠠ᠃ ᠤᠷᠤᠯᠳᠤᠭᠠᠨ ᠢ ᠠᠮᠢᠲᠠᠨ ᠤ ᠬᠢᠵᠢᠭ ᠡᠪᠡᠳᠴᠢᠨ ᠢ ᠣᠨᠣᠰᠢᠯᠠᠬᠤ ︵ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠬᠤ︶ ᠤᠷ᠎ᠠ ᠴᠢᠳᠠᠪᠤᠷᠢ ᠶᠢᠨ ᠤᠷᠤᠯᠳᠤᠭᠠᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠤᠷ᠎ᠠ ᠴᠢᠳᠠᠪᠤᠷᠢ ᠶᠢᠨ ᠤᠷᠤᠯᠳᠤᠭᠠᠨ᠂ ᠠᠮᠢᠲᠠᠨ ᠤ ᠬᠢᠵᠢᠭ ᠢ ᠪᠠᠶᠢᠴᠠᠭᠠᠬᠤ ᠤᠷ᠎ᠠ ᠴᠢᠳᠠᠪᠤᠷᠢ ᠶᠢᠨ ᠤᠷᠤᠯᠳᠤᠭᠠᠨ ᠭᠡᠵᠦ ᠭᠤᠷᠪᠠᠨ ᠵᠦᠢᠯ ᠬᠤᠪᠢᠶᠠᠵᠤ᠂ ᠤᠷᠤᠯᠳᠤᠭᠠᠨ ᠨᠢᠭᠡᠪᠦᠷᠢ ᠳᠤ ᠨᠢᠭᠡᠳᠦᠭᠡᠷ ᠳᠡᠰ ᠤᠨ ᠱᠠᠩᠨᠠᠯ 1 ᠨᠡᠷᠡᠰ᠂ ᠬᠤᠶᠠᠳᠤᠭᠠᠷ ᠳᠡᠰ ᠤᠨ ᠱᠠᠩᠨᠠᠯ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ 3 ᠨᠡᠷᠡᠰ ᠲᠤᠬᠢᠷᠠᠭᠤᠯᠪᠠ᠃ ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠠᠴᠠ ᠤᠷᠤᠯᠳᠤᠭᠠᠨ ᠳᠤ ᠤᠷᠤᠯᠴᠠᠭᠰᠠᠳ ᠢ ᠰᠣᠩᠭᠤᠨ ᠲᠥᠪᠯᠡᠷᠡᠭᠦᠯᠦᠨ ᠪᠣᠯᠪᠠᠰᠤᠷᠠᠭᠤᠯᠵᠤ᠂ ᠰᠢᠯᠢᠳᠡᠭ ᠢ ᠨᠢ ᠰᠣᠩᠭᠤᠨ ᠰᠢᠯᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠪᠡᠯᠡᠳᠬᠡᠨ᠎ᠡ᠃
 
ᠢᠷᠡᠯᠲᠡ᠄ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号