ᠡᠨᠡ ᠵᠢᠯ ᠤᠨ ᠲᠦᠷᠦᠭᠦᠦ ᠤᠯᠠᠷᠢᠯ ᠳᠤ᠂ ᠮᠠᠨᠵᠤᠤᠷ ᠪᠣᠭᠤᠮᠲᠠ ᠶᠢᠨ ᠬᠢᠨᠠᠨ ᠬᠠᠮᠢᠶᠠᠷᠴᠤ ᠭᠠᠳᠠᠭᠠᠳᠤ ᠳᠤ | ᠭᠠᠷᠭᠠᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠪᠠᠷᠠᠭᠠᠨ ᠤ ᠥᠷᠲᠡᠭ ᠨᠡᠶᠢᠲᠡ 5 ᠳ᠋ᠦᠩᠰᠢᠭᠤᠷ ᠲᠥᠭᠦᠷᠢᠭ ᠲᠤ | ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 97.7% ᠪᠠᠷ ᠨᠡᠮᠡᠭᠳᠡᠪᠡ᠃ | ᠬᠠᠷᠢᠶᠠᠲᠤ ᠣᠷᠣᠨ ᠤ ᠪᠠᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ | ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠶᠢᠨ ᠲᠥᠯᠥᠭᠡ᠂ ᠮᠠᠨᠵᠤᠤᠷ ᠪᠣᠭᠤᠮᠲᠠ ᠭᠠᠳᠠᠭᠠᠳᠤ ᠤᠷᠤᠭᠤᠯᠤᠯᠳᠡ | ᠭᠠᠷᠭᠠᠯᠲᠠ ᠶᠢᠨ ᠢᠳᠡᠭᠡᠨ ᠤ ᠠᠮᠤᠷ ᠲᠦᠪᠰᠢᠨ ᠤ 17 ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ | ᠨᠠᠶᠢᠳᠠᠪᠤᠷᠢᠵᠢᠭᠤᠯᠵᠤ᠂ ︽ᠪᠣᠭᠤᠮᠲᠠ ᠶᠢᠨ ᠳᠠᠷᠤᠭ᠎ᠠ ᠲᠥᠷᠥ ᠶᠢᠨ ᠪᠣᠳᠣᠯᠭ᠎ᠠ ᠶᠢ ᠭᠡᠷ ᠲᠤᠨᠢ ᠬᠦᠷᠭᠡᠬᠦ︾᠂ ︽ᠨᠢᠭᠡ | ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠵᠡᠷᠭᠡ ᠨᠠᠷᠢᠯᠢᠭ ᠣᠨᠣᠴᠠᠲᠠᠢ ᠦᠢᠯᠡᠴᠢᠯᠡᠭᠡᠨ ᠤ | ᠠᠷᠭ᠎ᠠ ᠬᠡᠮᠵᠢᠶ᠎ᠡ ᠶᠢ ᠭᠦᠢᠴᠡᠳ ᠠᠰᠢᠭᠯᠠᠨ᠂ ᠠᠵᠤ ᠠᠬᠤᠶᠢᠯᠠᠯ ᠢ ᠬᠠᠪᠰᠤᠷᠤᠨ ᠠᠷᠠᠯᠵᠢᠶᠠᠨ ᠤ ᠤᠯᠤᠰ ᠪᠠ ᠭᠠᠵᠠᠷ | ᠣᠷᠣᠨ ᠤ ᠬᠠᠮᠤᠭ ᠤᠨ ᠰᠢᠨ᠎ᠡ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠪᠢᠷᠠᠯᠲᠠ ᠶᠢ ᠮᠥᠷᠳᠡᠵᠦ᠂ ᠠᠵᠤ | ᠠᠬᠤᠶᠢᠯᠠᠯ ᠤᠨ ᠭᠠᠳᠠᠭᠠᠳᠤ ᠳᠤ ᠳᠠᠩᠰᠠᠯᠠᠭᠤᠯᠬᠤ ᠤᠯᠤᠰ ᠤᠨ ᠠᠮᠤᠷ ᠲᠦᠪᠰᠢᠨ ᠡᠷᠡᠭᠦᠯ ᠬᠠᠮᠠᠭᠠᠯᠠᠯ ᠤᠨ | ᠱᠠᠭᠠᠷᠳᠠᠯᠭ᠎ᠠ ᠪᠠ ᠦᠢᠯᠡᠳᠬᠦᠨ ᠤ ᠬᠢᠵᠠᠭᠠᠷ ᠬᠡᠮᠵᠢᠶ᠎ᠡ ᠶᠢᠨ ᠪᠠᠷᠢᠮᠵᠢᠶ᠎ᠠ ᠶᠢ ᠣᠶᠢᠯᠠᠭᠠᠬᠤ ᠶᠢ ᠵᠢᠯᠣᠭᠤᠳᠴᠠᠢ᠃ | ᠡᠭᠦᠨ ᠤ ᠬᠠᠮᠲᠤ᠂ ︽ᠠᠵᠤ ᠠᠬᠤᠶᠢᠯᠠᠯ ᠤᠨ ᠪᠠᠶᠢᠳᠠᠯ ᠳᠤᠨᠢ ᠲᠣᠬᠢᠷᠠᠭᠤᠯᠬᠤ︾ ᠶᠢ ᠪᠠᠷᠢᠮᠲᠠᠯᠠᠵᠤ᠂ ᠠᠵᠤ ᠠᠬᠤᠶᠢᠯᠠᠯ ᠢ | ᠵᠢᠯᠣᠭᠤᠳᠤᠨ ᠲᠠᠷᠢᠶᠠᠯᠠᠩ ᠤᠨ ᠡᠮ ᠤᠨ ᠦᠯᠡᠳᠡᠪᠦᠷᠢ᠂ ᠬᠦᠨᠳᠦ ᠲᠡᠮᠦᠷᠯᠢᠭ᠂ ᠡᠪᠡᠳᠴᠢᠨ ᠤ ᠪᠠᠺᠲ᠋ᠧᠷᠢ ᠵᠡᠷᠭᠡ ᠶᠢᠨ | ᠠᠶᠤᠯᠭᠦᠢ ᠶᠢᠨ ᠭᠦᠢᠴᠡᠳᠬᠡᠬᠦ ᠲᠤᠭ᠎ᠠ ᠶᠢ ᠪᠠᠶᠢᠴᠠᠭᠠᠨ ᠰᠢᠯᠭᠠᠬᠤ ᠪᠠ ᠬᠢᠵᠠᠭᠠᠷᠯᠠᠬᠤ ᠠᠵᠢᠯ ᠢ ᠥᠷᠨᠢᠭᠦᠯᠵᠦ᠂ | ᠭᠠᠳᠠᠭᠠᠳᠤ ᠭᠠᠷᠭᠠᠯᠲᠠ ᠶᠢᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠢᠯᠭᠠᠨ ᠲᠠᠨᠢᠬᠤ ᠪᠠ ᠲᠡᠭᠦᠨ ᠠᠴᠠ | ᠵᠠᠶᠢᠯᠠᠭᠤᠯᠵᠠᠢ᠃ ᠠᠵᠤ ᠠᠬᠤᠶᠢᠯᠠᠯ ᠳᠤ ᠭᠦᠨᠵᠡᠭᠡᠶᠢᠷᠡᠨ ᠳᠠᠷᠢᠵᠤ ᠲᠡᠵᠢᠭᠡᠨ ᠦᠷᠡᠵᠢᠭᠦᠯᠬᠦ ᠪᠠ ᠦᠢᠯᠡᠳᠪᠦᠷᠢᠯᠡᠵᠦ | ᠡᠳ᠋ᠰᠢᠭᠦᠯᠬᠦ ᠵᠠᠩᠭᠢᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠤᠨ | ᠥᠪᠡᠷ ᠢᠶᠠᠨ ᠪᠠᠶᠢᠴᠠᠭᠠᠵᠤ ᠥᠪᠡᠷ ᠢᠶᠠᠨ ᠡᠵᠡᠮᠳᠡᠬᠦ ᠶᠢ ᠴᠢᠩᠭᠠᠷᠠᠭᠤᠯᠤᠨ᠂ ᠭᠠᠳᠠᠭᠠᠳᠤ ᠭᠠᠷᠭᠠᠯᠲᠠ ᠶᠢᠨ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ︽1+1+N︾ ᠦᠢᠯᠡᠴᠢᠯᠡᠭᠡᠨ ᠤ ᠠᠵᠤ | ᠠᠬᠤᠶᠢᠯᠠᠯ ᠤᠨ ᠵᠣᠬᠢᠴᠠᠭᠤᠯᠤᠭᠴᠢ ᠶᠢᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠬᠦᠰᠡᠯ | ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ | ᠬᠦᠴᠦᠲᠡᠢ ᠳᠡᠮᠵᠢᠯᠭᠡ ᠬᠠᠩᠭᠠᠵᠤ᠂ ᠠᠵᠤ ᠠᠬᠤᠶᠢᠯᠠᠯ ᠤᠨ ᠭᠠᠳᠠᠭᠠᠳᠤ ᠳᠠᠬᠢ ᠵᠠᠬ᠎ᠠ ᠳᠡᠯᠭᠡᠭᠦᠷ ᠢ ᠨᠡᠭᠡᠭᠡᠬᠦ ᠳᠤ | ᠬᠦᠴᠦᠨ ᠨᠡᠮᠡᠷᠢᠯᠡᠪᠡ᠃ |