ᠭᠦᠭᠡᠬᠤᠲᠠ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠠᠵᠢᠯ ᠢ ᠱᠠᠯᠠᠪᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2024/5/21
      ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠣᠪᠴᠢᠶ᠎ᠠ  ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠣᠶᠢᠷ᠎ᠠ ᠳᠤ ᠲᠦᠮᠡᠳ ᠵᠡᠭᠦᠨ ᠬᠤᠰᠢᠭᠤ᠂ ᠦᠴᠦᠸᠠᠨ ᠰᠢᠶᠠᠨ ᠵᠡᠷᠭᠡ ᠬᠤᠰᠢᠭᠤ ᠰᠢᠶᠠᠨ ᠲᠣᠭᠤᠷᠢᠭ ᠲᠤ ᠭᠦᠨᠵᠡᠭᠡᠶᠢᠷᠡᠨ ᠲᠠᠷᠢᠶᠠᠨ ᠭᠠᠵᠠᠷ ᠲᠠᠬᠢ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠪᠠ ᠬᠠᠳᠠᠭᠠᠯᠠᠬᠤ ᠠᠵᠢᠯ ᠢ ᠱᠠᠯᠠᠪᠳᠠᠭᠤᠯᠤᠨ ᠪᠠᠶᠢᠴᠠᠭᠠᠪᠠ᠃      ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠨᠢ ᠲᠤᠬᠠᠢ ᠶᠢᠨ ᠲᠠᠯᠠᠪᠤᠷ ᠲᠤ ᠱᠠᠯᠠᠪᠳᠠᠭᠤᠯᠤᠨ ᠪᠠᠶᠢᠴᠠᠭᠠᠬᠤ᠂ ᠶᠠᠷᠢᠯᠴᠠᠬᠤ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠣᠯᠠᠨ ᠵᠦᠢᠯ ᠤᠨ ᠠᠷᠭ᠎ᠠ ᠭᠡᠯᠪᠡᠷᠢ ᠪᠠᠷ ᠳᠠᠮᠵᠢᠨ ᠬᠤᠰᠢᠭᠤ ᠰᠢᠶᠠᠨ ᠲᠣᠭᠤᠷᠢᠭ ᠤᠨ ᠠᠵᠢᠯ ᠤᠨ ᠡᠭᠦᠷᠭᠡ ᠶᠢᠨ ᠠᠬᠢᠴᠠ᠂ ᠤᠬᠠᠭᠤᠯᠤᠨ ᠵᠢᠯᠣᠭᠤᠳᠤᠭᠰᠠᠨ ᠪᠠᠶᠢᠳᠠᠯ ᠢ ᠪᠦᠭᠦ ᠲᠠᠯ᠎ᠠ ᠪᠠᠷ ᠣᠶᠢᠯᠠᠭᠠᠵᠤ᠂ ᠪᠦᠭᠦ ᠬᠤᠳᠠ ᠶᠢᠨ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠲᠠᠷᠢᠶᠠᠨ ᠭᠠᠵᠠᠷ  ᠲᠠᠬᠢ ᠬᠠᠶᠠᠭᠳᠠᠮᠠᠯ ᠰᠦᠯᠢᠶᠥᠦ ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯ ᠢ ᠪᠡᠶᠡᠯᠡᠭᠦᠯᠬᠦ ᠶᠢ ᠦᠨᠡᠨ ᠬᠦ ᠪᠠᠲᠤᠯᠠᠪᠠ᠃ ᠭᠦᠭᠡᠬᠤᠳᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠲᠠᠷᠢᠶᠠᠨ ᠭᠠᠵᠠᠷ ᠲᠠᠬᠢ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ ᠲᠠᠷᠢᠶᠠᠴᠢᠳ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠤ᠂ ᠬᠤᠷᠢᠶᠠᠨ ᠠᠪᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠷᠢᠶᠠᠨ ᠠᠪᠬᠤ ᠥᠷᠲᠡᠭᠡ ᠴᠡᠭ ᠪᠠᠶᠢᠭᠤᠯᠤᠨ ᠲᠠᠷᠢᠶᠠᠴᠢᠳ ᠤᠨ ᠬᠠᠶᠠᠭᠳᠠᠮᠠᠯ ᠰᠦᠯᠢᠶᠥᠦ ᠪᠦᠷᠬᠦᠪᠴᠢ ᠪᠠᠨ ᠲᠤᠰᠢᠶᠠᠨ ᠬᠤᠳᠠᠯᠳᠤᠬᠤ ᠳᠤ ᠳᠥᠭᠦᠮ ᠬᠠᠩᠭᠠᠪᠠ᠃ ᠪᠠᠰᠠ ᠵᠣᠬᠢᠰᠲᠠᠢ ᠨᠥᠬᠦᠪᠦᠷᠢ ᠣᠯᠭᠤᠨ ᠲᠠᠷᠢᠶᠠᠴᠢᠳ ᠤᠨ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠠᠵᠢᠯ ᠳᠤ ᠣᠷᠤᠯᠴᠠᠬᠤ ᠢᠳᠡᠪᠬᠢᠵᠢᠯ ᠢ ᠬᠥᠭᠵᠢᠭᠡᠬᠦ ᠶᠢᠨ ᠬᠠᠮᠲᠤ᠂ ᠠᠮᠢᠳᠤ ᠪᠣᠳᠠᠰ ᠤᠨ ᠵᠠᠳᠠᠷᠠᠵᠤ ᠪᠣᠯᠬᠤᠶᠢᠴᠠ ᠰᠦᠯᠢᠶᠥᠦ ᠪᠦᠷᠬᠦᠪᠴᠢ ᠬᠡᠷᠡᠭᠯᠡᠬᠦ ᠶᠢ ᠳᠡᠯᠭᠡᠷᠡᠭᠦᠯᠵᠦ᠂ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠡᠷᠡᠭᠯᠡᠬᠦ ᠬᠡᠮᠵᠢᠶ᠎ᠡ ᠶᠢ ᠪᠦᠳᠦᠮᠵᠢᠳᠠᠢ ᠪᠠᠭᠠᠰᠬᠠᠭᠰᠠᠨ ᠪᠠᠶᠢᠨ᠎ᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号