ᠠᠯᠠᠱᠠ ᠶᠢᠨ ᠲᠡᠮᠡᠭᠡᠨ ᠤ ᠣᠷᠳᠣᠨ ᠬᠤᠷᠢᠨ ᠨᠢᠭᠡᠳᠦᠭᠡᠷ ᠬᠤᠭᠤᠴᠠᠭᠠᠨ ᠤ ︵2024 ᠣᠨ︶ ᠳᠤᠮᠳᠠᠳᠤ ᠤᠯᠤᠰ ᠤᠨ ᠮᠠᠯ ᠠᠵᠤ ᠠᠬᠤᠶ ᠶᠢᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2024/5/22
      5 ᠰᠠᠷ᠎ᠠ ᠶᠢᠨ 18  ᠤ ᠡᠳᠦᠷ ᠠᠴᠠ 20 ᠤ ᠡᠳᠦᠷ ᠪᠣᠯᠲᠠᠯ᠎ᠠ᠂ ᠬᠤᠷᠢᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠮᠠᠯ ᠠᠵᠤ ᠠᠬᠤᠶ ᠶᠢᠨ ᠦᠵᠡᠰᠬᠦᠯᠡᠩ ᠬᠢᠭᠡᠳ 2024 ᠣᠨ ᠤ ᠳᠤᠮᠳᠠᠳᠤ ᠤᠯᠤᠰ ᠤᠨ ᠣᠯᠠᠨ ᠤᠯᠤᠰ ᠤᠨ ᠮᠠᠯ ᠠᠵᠤ ᠠᠬᠤᠶ ᠶᠢᠨ ᠦᠵᠡᠰᠬᠦᠯᠡᠩ ᠤᠨ ᠴᠤᠭᠯᠠᠭᠠᠨ ︵ᠳᠣᠷᠣᠭᠰᠢ ︽ᠮᠠᠯ ᠠᠵᠤ ᠠᠬᠤᠶ ᠶᠢᠨ ᠦᠵᠡᠰᠬᠦᠯᠡᠩ︾ ᠭᠡᠵᠦ ᠲᠣᠪᠴᠢᠯᠠᠨ᠎ᠠ︶ ᠵᠢᠶᠠᠩᠰᠢ ᠶᠢᠨ ᠨᠠᠨᠴᠠᠩ ᠤᠨ ᠯᠢᠦᠢ ᠳ᠋ᠢ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠬᠤᠷᠠᠯᠳᠤᠪᠠ᠃ ᠠᠳᠠᠯᠢ ᠬᠤᠭᠤᠴᠠᠭᠠᠨ ᠳᠤ ᠭᠤᠷᠪᠠᠳᠤᠭᠠᠷ ᠬᠤᠭᠤᠴᠠᠭᠠᠨ ᠤ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠶᠡᠭᠡ ᠬᠤᠷᠠᠯ᠂ ᠠᠩᠬᠠᠳᠤᠭᠠᠷ ᠬᠤᠭᠤᠴᠠᠭᠠᠨ ᠤ ᠮᠠᠯ ᠤᠨ ᠠᠰᠢᠭ ᠰᠢᠮ᠎ᠡ ᠶᠢᠨ ᠨᠡᠷᠡᠲᠦ ᠲᠡᠮᠳᠡᠭᠲᠦ ᠶᠢ ᠪᠤᠶᠢᠵᠢᠭᠤᠯᠬᠤ ᠶᠡᠭᠡ ᠬᠤᠷᠠᠯ᠂ ᠭᠤᠷᠪᠠᠳᠤᠭᠠᠷ ᠬᠤᠭᠤᠴᠠᠭᠠᠨ ᠤ ᠮᠠᠯ ᠠᠵᠤ ᠠᠬᠤᠢ ᠶᠢᠨ ᠲᠣᠭᠠᠴᠢᠯᠠᠭᠰᠠᠨ ᠤᠶᠤᠨᠴᠢᠯᠠᠯᠲᠠ ᠶᠢᠨ ᠶᠡᠭᠡ ᠬᠤᠷᠠᠯ ᠵᠡᠷᠭᠡ ᠤᠯᠠᠨ ᠲᠠᠯᠠᠪᠠᠢ ᠭᠤᠣᠯ ᠰᠡᠳᠦᠪᠲᠦ ᠶᠠᠷᠢᠶᠠᠨ ᠤ ᠲᠠᠪᠴᠠᠩ ᠪᠠ ᠲᠤᠰᠬᠠᠢ ᠮᠡᠷᠭᠡᠵᠢᠯ ᠤᠨ ᠬᠤᠷᠠᠯ ᠢ ᠡᠷᠬᠢᠯᠡᠪᠡ᠃
图片1.png
 
图片2.png
      ᠲᠣᠰ ᠬᠤᠭᠤᠴᠠᠭᠠᠨ ᠤ ᠮᠠᠯ ᠤᠨ ᠠᠰᠢᠭ ᠰᠢᠮ᠎ᠡ ᠶᠢᠨ ᠦᠵᠡᠰᠬᠦᠯᠡᠩ ᠤᠨ ᠴᠤᠭᠯᠠᠭᠠᠨ ᠳᠤ ᠣᠨᠴᠠᠭᠠᠶᠢᠯᠠᠨ ᠨᠠᠷᠠᠲᠤ ᠣᠨᠴᠠ ᠰᠢᠯᠢᠳᠡᠭ ᠮᠠᠯ ᠤᠨ ᠠᠰᠢᠭ ᠰᠢᠮ᠎ᠡ ᠶᠢᠨ ᠦᠵᠡᠭᠦᠯᠭᠡ ᠶᠢᠨ ᠲᠣᠭᠤᠷᠢᠭ ᠪᠠᠶᠢᠷᠢᠯᠠᠭᠤᠯᠵᠤ᠂ ᠭᠠᠭ᠋ᠠᠶ᠂ ᠵᠢᠭᠦᠷᠲᠡᠨ᠂ ᠦᠬᠡᠷ᠂ ᠬᠤᠨᠢ᠂ ᠪᠤᠭᠤ᠂ ᠲᠡᠮᠡᠭᠡ᠂ ᠡᠯᠵᠢᠭᠡ᠂ ᠲᠠᠤᠯᠠᠶ᠂ ᠪᠠᠯᠲᠤ ᠵᠥᠭᠡᠶ᠂ ᠤᠰᠤᠨ ᠤ ᠵᠢᠭᠦᠷᠲᠡᠨ᠂ ᠥᠨᠳᠡᠭᠡᠨ ᠲᠠᠬᠢᠶ᠎ᠠ ᠵᠡᠷᠭᠡ ᠲᠠᠯ᠎ᠠ ᠶᠢᠨ ᠲᠡᠵᠢᠭᠡᠨ ᠦᠷᠡᠵᠢᠭᠦᠯᠬᠦ᠂ ᠡᠳ᠋ᠰᠢᠭᠦᠯᠬᠦ ᠲᠥᠯᠥᠭᠡᠯᠡᠬᠦ ᠴᠢᠨᠠᠷᠲᠠᠶ ᠠᠵᠤ ᠠᠬᠤᠶᠢᠯᠠᠯ 100 ᠭᠠᠷᠤᠶ ᠦᠵᠡᠭᠦᠯᠭᠡ ᠳᠤ ᠣᠷᠤᠯᠴᠠᠭᠰᠠᠨ ᠪᠠᠶᠢᠨ᠎ᠠ᠃ ᠠᠯᠠᠱᠠ ᠠᠶᠢᠮᠠᠭ ᠥᠪᠥᠷ ᠮᠣᠩᠭᠤᠯ ᠤᠨ ᠠᠯᠠᠱᠠ ᠶᠢᠨ ᠣᠷᠳᠣᠨ ᠢ ᠪᠠᠶᠢᠭᠤᠯᠵᠤ᠂ 20 ᠭᠠᠷᠤᠶ ᠠᠵᠤ ᠠᠬᠤᠶᠢᠯᠠᠯ᠂ ᠬᠤᠷᠰᠢᠶᠠᠵᠢᠯ ᠤᠨ ᠢᠩᠭᠡᠨ ᠰᠦ᠂ ᠲᠡᠮᠡᠭᠡᠨ ᠨᠣᠣᠰᠣ᠂ ᠴᠠᠭᠠᠨ ᠭᠤᠶᠣᠣ᠂ ᠲᠡᠮᠡᠭᠡᠨ ᠬᠢᠷᠭᠤᠤᠯ ᠵᠡᠷᠭᠡ 5 ᠲᠥᠷᠥᠯ ᠤᠨ 100 ᠭᠠᠷᠤᠶ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ ᠦᠵᠡᠭᠦᠯᠵᠦ ᠳᠡᠯᠭᠡᠨ ᠪᠣᠷᠤᠯᠠᠭᠤᠯᠵᠤ᠂ ᠦᠵᠡᠰᠭᠦᠯᠡᠩ ᠳᠤ ᠣᠷᠤᠯᠴᠠᠭᠰᠠᠨ ᠣᠯᠠᠨ ᠲᠦᠮᠡᠨ ᠤ ᠯᠠᠪᠯᠠᠨ ᠠᠰᠠᠭᠤᠬᠤ ᠪᠠ ᠠᠮᠲᠠᠯᠠᠨ ᠦᠨᠡᠯᠡᠬᠦ ᠬᠤᠳᠠᠯᠳᠤᠨ ᠠᠪᠬᠤ ᠶᠢ ᠲᠠᠲᠠᠵᠤ᠂ ᠠᠯᠠᠱᠠ ᠠᠶᠢᠮᠠᠭ ᠤᠨ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠢᠶᠠᠩᠰᠢ ᠶᠢᠨ ᠨᠠᠨᠴᠠᠩ ᠣᠷᠣᠨ ᠳᠠᠬᠢ ᠨᠥᠯᠥᠭᠡᠯᠡᠬᠦ ᠬᠦᠴᠦᠨ ᠪᠠ ᠤᠯᠠᠮᠵᠢᠯᠠᠨ ᠲᠠᠷᠬᠠᠭᠠᠬᠤ ᠬᠦᠴᠦᠨ ᠢ ᠡᠬᠢᠯᠡᠭᠦᠯᠦᠭᠰᠡᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠲᠣᠰ ᠤᠳᠠᠭᠠᠨ ᠤ ᠮᠠᠯ ᠠᠵᠤ ᠠᠬᠤᠶ ᠶᠢᠨ ᠦᠵᠡᠰᠬᠦᠯᠡᠩ ᠤᠨ ᠴᠤᠭᠯᠠᠭᠠᠨ ᠳᠤ ᠠᠯᠠᠱᠠ ᠠᠶᠢᠮᠠᠭ ᠤᠨ ᠡᠯ᠎ᠡ ᠠᠵᠤ ᠠᠬᠤᠶᠢᠯᠠᠯ᠂ ᠬᠤᠷᠰᠢᠶᠠᠵᠢᠯ ᠤᠨ ᠪᠤᠷᠤᠯᠠᠭᠤᠯᠭ᠎ᠠ ᠨᠢ ᠨᠡᠶᠢᠲᠡ 80 ᠭᠠᠷᠤᠶ ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ᠃
图片3.png
 
图片4.png
      5 ᠰᠠᠷ᠎ᠠ ᠶᠢᠨ 18 ᠤ ᠡᠳᠦᠷ᠂ ᠠᠯᠠᠱᠠ ᠠᠶᠢᠮᠠᠭ ᠬᠤᠰᠢᠭᠤ ᠬᠤᠶᠠᠷ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠩᠬᠠᠳᠤᠭᠠᠷ ᠬᠤᠭᠤᠴᠠᠭᠠᠨ ᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢ ᠪᠤᠶᠢᠵᠢᠭᠤᠯᠬᠤ ᠶᠡᠭᠡ ᠬᠤᠷᠠᠯ ᠳᠤ ᠢᠳᠡᠪᠬᠢᠲᠡᠶ ᠣᠷᠣᠯᠴᠠᠵᠤ᠂ ᠨᠠᠷᠠᠲᠤ ᠲᠡᠮᠳᠡᠭᠲᠦ ᠶᠢᠨ ᠤᠬᠠᠮᠰᠠᠷ ᠢ ᠴᠢᠩᠭᠠᠳᠬᠠᠬᠤ᠂ ᠨᠠᠷᠠᠲᠤ ᠲᠡᠮᠳᠡᠭᠲᠦ ᠳᠤ ᠬᠦᠴᠦᠨ ᠨᠡᠮᠡᠷᠢᠯᠡᠬᠦ ᠶᠢ ᠠᠬᠢᠭᠤᠯᠬᠤ ᠭᠤᠤᠯ ᠰᠡᠳᠦᠪ ᠤᠨ ᠲᠣᠭᠤᠷᠢᠨ ᠳᠤ᠂ ᠲᠤᠰᠬᠠᠶ ᠮᠡᠷᠭᠡᠵᠢᠯᠲᠡᠨ ᠡᠷᠳᠡᠮᠲᠡᠳ ᠤᠨ ᠳᠤᠷᠠᠳᠤᠭᠰᠠᠨ ᠬᠥᠭᠵᠢᠯᠲᠡ ᠶᠢᠨ ᠰᠡᠳᠬᠢᠴᠡ ᠪᠠ ᠨᠠᠷᠠᠲᠤ ᠲᠡᠮᠳᠡᠭᠲᠦ ᠶᠢ ᠪᠤᠶᠢᠵᠢᠭᠤᠯᠬᠤ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠶ ᠰᠤᠷᠤᠯᠴᠠᠨ ᠲᠣᠯᠢᠯᠠᠵᠤ᠂ ᠡᠭᠦᠨ ᠤ ᠬᠠᠮᠲᠤ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠺᠠᠩ ᠵᠢᠶᠠᠨ ᠵᠢᠶᠦ᠋ᠨ ᠠᠯᠠᠱᠠ ᠠᠶᠢᠮᠠᠭ ᠤᠨ ᠲᠡᠮᠡᠭᠡᠨ ᠤ ᠠᠵᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠵᠢᠴᠢ ᠠᠵᠤ ᠠᠬᠤᠶᠢᠯᠠᠯ᠂ ᠦᠢᠯᠡᠳᠬᠦᠨ ᠤ ᠨᠠᠷᠠᠲᠤ ᠲᠡᠮᠳᠡᠭᠲᠦ ᠶᠢ ᠪᠤᠶᠢᠵᠢᠭᠤᠯᠵᠤ ᠪᠠᠶᠢᠭ᠎ᠠ ᠪᠠᠶᠢᠳᠠᠯ ᠤᠨ ᠲᠤᠬᠠᠶ ᠤᠬᠠᠭᠤᠯᠤᠨ ᠲᠠᠨᠢᠯᠴᠠᠭᠤᠯᠪᠠ᠃
 
ᠢᠷᠡᠯᠲᠡ᠄ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号