2024 ᠣᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠷᠢᠰ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠪᠠᠷ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/5/23
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠨᠢᠭᠡᠴᠡ ᠳᠤ᠄      ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2024﹈ 85 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ 2024 ᠣᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠷᠢᠰ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠪᠠᠷ ᠮᠡᠳᠡᠭᠦᠯᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠵᠦ ᠪᠠᠶᠢᠨ᠎ᠠ᠃      ᠨᠢᠭᠡ᠂ ᠬᠢᠨᠠᠨ ᠲᠣᠭᠲᠠᠭᠠᠯᠲᠠ ᠳᠤ ᠣᠷᠣᠯᠴᠠᠬᠤ ᠬᠥᠮᠥᠰ ᠤᠨ ᠬᠡᠪᠴᠢᠶ᠎ᠡ      ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠲᠠᠷᠬᠠᠭᠠᠭᠰᠠᠨ ﹇2023﹈ 4 ᠳ᠋ᠦ᠋ᠭᠡᠷ ᠲᠣᠭᠠᠲᠤ︶ ᠤᠨ ᠲᠣᠭᠲᠠᠭᠠᠯ ᠳᠤ ᠨᠡᠶᠢᠴᠡᠭᠰᠡᠨ ᠬᠥᠮᠥᠰ᠃      ᠬᠤᠶᠠᠷ᠂ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ ᠤᠨ ᠱᠠᠭᠠᠷᠳᠠᠯᠭ᠎ᠠ      ︵ᠨᠢᠭᠡ︶ ᠰᠦᠯᠵᠢᠶᠡᠨ ᠳᠡᠭᠡᠷ᠎ᠡ ᠳᠠᠩᠰᠠᠯᠠᠭᠤᠯᠬᠤ ᠪᠠᠷ ᠮᠡᠳᠡᠭᠦᠯᠬᠦ      ᠭᠤᠶᠤᠴᠢᠯᠠᠨ ᠮᠡᠳᠡᠭᠦᠯᠦᠭᠴᠢᠳ ᠡᠩ ᠲᠡᠷᠢᠭᠦᠨ ᠳᠤ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ︵ᠰᠦᠯᠵᠢᠶᠡᠨ ᠤ ᠬᠠᠶ᠋ᠢᠭ᠄ www.nmgrck.cn︶ ᠳᠤ ᠬᠦᠷᠴᠦ᠂ ᠰᠦᠯᠵᠢᠶᠡᠨ ᠳᠡᠭᠡᠷ᠎ᠡ ᠳᠠᠩᠰᠠᠯᠠᠭᠤᠯᠬᠤ ᠶᠢᠨ ᠬᠠᠮᠲᠤ ᠲᠡᠮᠳᠡᠭᠯᠡᠵᠦ᠂ ᠲᠤᠬᠠᠶᠢᠯᠠᠭᠰᠠᠨ ᠠᠵᠢᠯ ᠭᠦᠢᠴᠡᠳᠬᠡᠬᠦ︱2024 ᠣᠨ ᠤ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠪᠤᠯᠤᠩ ᠳᠤ᠂ ᠦᠨᠳᠦᠰᠦᠨ ᠮᠡᠳᠡᠭᠡ ᠵᠠᠩᠭᠢ ᠪᠠᠨ ᠲᠠᠭᠯᠠᠨ ᠬᠠᠳᠠᠭᠠᠯᠠᠭᠰᠠᠨ ᠤ ᠳᠠᠷᠠᠭ᠎ᠠ ︽ᠲᠤᠰᠬᠠᠢ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠬᠦᠰᠦᠨᠦᠭᠲᠦ︾ ᠪᠠ ︽ᠲᠤᠰᠬᠠᠢ ᠮᠡᠷᠭᠡᠵᠢᠯ ᠤᠨ ᠴᠣᠯᠠ ᠬᠦᠷᠭᠡᠵᠦ ᠬᠢᠨᠠᠭᠤᠯᠬᠤ ᠬᠦᠰᠦᠨᠦᠭᠲᠦ︾ ᠶᠢ ᠪᠠᠭᠤᠯᠭᠠᠨ ᠠᠪᠤᠭᠰᠠᠨ ᠤ ᠳᠠᠷᠠᠭ᠎ᠠ᠂ ᠰᠦᠯᠵᠢᠶᠡᠨ ᠭᠠᠳᠠᠨ᠎ᠠ ᠲᠠᠭᠯᠠᠨ ᠪᠢᠴᠢᠬᠦ ᠪᠠ ᠮᠡᠳᠡᠭᠦᠯᠬᠦ ᠮᠠᠲ᠋ᠧᠷᠢᠶᠠᠯ ᠢᠶᠠᠨ ᠲᠡᠭᠦᠯᠳᠡᠷᠵᠢᠭᠦᠯᠬᠦ ᠬᠡᠷᠡᠭᠲᠡᠢ᠃ ᠬᠢᠨᠠᠨ ᠲᠣᠭᠲᠠᠭᠠᠬᠤ ᠬᠦᠰᠦᠨᠦᠭᠲᠦ ᠳᠠᠬᠢ ︽ᠨᠢᠭᠡᠴᠡ ᠶᠢᠨ ᠲᠠᠨᠢᠯᠴᠠᠭᠤᠯᠤᠭᠰᠠᠨ ᠰᠠᠨᠠᠯ︾ ᠤᠨ ᠬᠦᠰᠦᠨᠦᠭᠲᠦ ᠳᠤ ᠲᠠᠭᠯᠠᠨ ᠪᠢᠴᠢᠭᠰᠡᠨ ᠮᠠᠲ᠋ᠧᠷᠢᠶᠠᠯ ᠨᠢ ᠦᠨᠡᠨ ᠪᠣᠳᠠᠲᠠᠢ ᠪᠠᠶᠢᠬᠤ ᠡᠰᠡᠬᠦ᠂ ᠬᠢᠨᠠᠨ ᠲᠣᠭᠲᠠᠭᠠᠯᠲᠠ ᠳᠤ ᠣᠷᠣᠯᠴᠠᠬᠤ ᠨᠥᠬᠦᠴᠡᠯ ᠳᠤ ᠨᠡᠶᠢᠴᠡᠬᠦ ᠡᠰᠡᠬᠦ᠂ ᠬᠢᠨᠠᠨ ᠲᠣᠭᠲᠠᠭᠠᠯᠲᠠ ᠳᠤ ᠣᠷᠣᠯᠴᠠᠬᠤ ᠶᠢ ᠵᠥᠪᠰᠢᠶᠡᠷᠡᠬᠦ ᠡᠰᠡᠬᠦ ᠵᠢᠴᠢ ᠪᠠᠶᠢᠭ᠎ᠠ ᠨᠢᠭᠡᠴᠡ ᠶᠢᠨ ᠠᠯᠪᠠᠨ ᠵᠠᠷ ᠨᠡᠶᠢᠳᠡᠯᠡᠭᠰᠡᠨ ᠵᠡᠷᠭᠡ ᠪᠠᠶᠢᠳᠠᠯ ᠢ ᠲᠣᠳᠣᠷᠬᠠᠶᠢᠯᠠᠬᠤ ᠬᠡᠷᠡᠭᠲᠡᠢ᠃      ︵ᠬᠤᠶᠠᠷ︶ ᠰᠦᠯᠵᠢᠶᠡᠨ ᠠᠴᠠ ᠭᠠᠳᠠᠨ᠎ᠠ ᠲᠤᠰᠢᠶᠠᠬᠤ ᠮᠠᠲ᠋ᠧᠷᠢᠶᠠᠯ      ᠭᠤᠶᠤᠴᠢᠯᠠᠨ ᠮᠡᠳᠡᠭᠦᠯᠬᠦ ᠬᠥᠮᠥᠰ ᠰᠦᠯᠵᠢᠶᠡᠨ ᠠᠴᠠ ᠭᠠᠳᠠᠨᠠᠬᠢ ᠮᠠᠲ᠋ᠧᠷᠢᠶᠠᠯ ᠢᠶᠠᠨ ᠲᠤᠰᠢᠶᠠᠬᠤ ᠠᠷᠭ᠎ᠠ ᠵᠠᠮ ᠪᠠ ᠱᠠᠭᠠᠷᠳᠠᠯᠭ᠎ᠠ ᠶᠢ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠲᠠᠷᠬᠠᠭᠠᠭᠰᠠᠨ ﹇2023﹈ 4 ᠳ᠋ᠦ᠋ᠭᠡᠷ ᠲᠣᠭᠠᠲᠤ︶ ᠤᠨ ᠲᠣᠭᠲᠠᠭᠠᠯ ᠢᠶᠠᠷ ᠪᠠᠷᠢᠮᠵᠢᠶ᠎ᠠ ᠪᠣᠯᠭᠠᠨ᠎ᠠ᠃ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠭᠠᠷᠴᠠᠭᠯᠠᠯ ᠢ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠳᠤ ᠦᠵᠡᠭᠡᠷᠡᠢ᠃      ᠭᠤᠷᠪᠠ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠱᠠᠭᠠᠷᠳᠠᠯᠭ᠎ᠠ      ︵ᠨᠢᠭᠡ︶ ᠭᠤᠶᠤᠴᠢᠯᠠᠨ ᠮᠡᠳᠡᠭᠦᠯᠬᠦ ᠮᠠᠲ᠋ᠧᠷᠢᠶᠠᠯ      ᠭᠤᠶᠤᠴᠢᠯᠠᠨ ᠮᠡᠳᠡᠭᠦᠯᠬᠦ ᠮᠠᠲ᠋ᠧᠷᠢᠶᠠᠯ ︽ᠲᠤᠰᠬᠠᠢ ᠮᠡᠷᠭᠡᠵᠢᠯ ᠤᠨ ᠴᠣᠯᠠ ᠬᠦᠷᠭᠡᠵᠦ ᠬᠢᠨᠠᠭᠤᠯᠬᠤ ᠬᠦᠰᠦᠨᠦᠭᠲᠦ︾ ︵ᠨᠢᠭᠡ ᠬᠡᠯᠪᠡᠷᠢ 15 ᠬᠤᠪᠢ︶᠂ ︽ᠲᠤᠰᠬᠠᠢ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠬᠦᠰᠦᠨᠦᠭᠲᠦ︾ ︵ᠨᠢᠭᠡ ᠬᠡᠯᠪᠡᠷᠢ 2 ᠬᠤᠪᠢ᠂ ᠳᠡᠪᠲᠡᠷᠯᠡᠵᠦ ᠪᠣᠯᠬᠤ ᠦᠭᠡᠢ︶ ᠶᠢ ᠲᠤᠰᠢᠶᠠᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠬᠢᠨᠠᠨ ᠬᠠᠷᠭᠤᠭᠤᠯᠵᠤ᠂ ᠭᠠᠷ ᠤᠨ ᠥᠰᠥᠭ ᠵᠢᠷᠤᠵᠤ᠂ ᠲᠠᠮᠠᠭ᠎ᠠ ᠳᠠᠷᠤᠭᠰᠠᠨ ᠪᠠᠶᠢᠬᠤ ᠬᠡᠷᠡᠭᠲᠡᠢ᠃ ᠬᠦᠰᠦᠨᠦᠭᠲᠦ ᠳᠤ ᠲᠠᠭᠯᠠᠭᠰᠠᠨ ᠠᠵᠢᠯ ᠤᠨ ᠪᠦᠲᠦᠮᠵᠢ ᠶᠢᠨ ᠦᠷ᠎ᠡ ᠪᠦᠲᠦᠭᠡᠯ᠂ ᠥᠭᠦᠯᠡᠯ ᠵᠣᠬᠢᠶᠠᠯ ᠵᠡᠷᠭᠡ ᠳᠤ ᠭᠡᠷᠡᠴᠢᠯᠡᠬᠦ ᠮᠠᠲ᠋ᠧᠷᠢᠶᠠᠯ ᠪᠠᠶᠢᠬᠤ ᠬᠡᠷᠡᠭᠲᠡᠢ᠃      ︵ᠬᠤᠶᠠᠷ︶ ᠭᠡᠷᠡᠴᠢᠯᠡᠬᠦ ᠮᠠᠲ᠋ᠧᠷᠢᠶᠠᠯ      ᠭᠡᠷᠡᠴᠢᠯᠡᠬᠦ ᠮᠠᠲ᠋ᠧᠷᠢᠶᠠᠯ ᠨᠢ ᠴᠥᠮ ᠬᠠᠭᠤᠯᠪᠤᠷᠢ ᠮᠠᠲ᠋ᠧᠷᠢᠶᠠᠯ ᠪᠠᠶᠢᠬᠤ ᠬᠡᠷᠡᠭᠲᠡᠢ᠂ ᠤᠤᠯ ᠮᠠᠲ᠋ᠧᠷᠢᠶᠠᠯ ᠢ ᠪᠢᠲᠡᠭᠡᠢ ᠲᠤᠰᠢᠶᠠᠭᠠᠷᠠᠢ᠂ ᠮᠠᠲ᠋ᠧᠷᠢᠶᠠᠯ ᠢ ᠳᠡᠭᠡᠭᠰᠢ ᠮᠡᠳᠡᠭᠦᠯᠦᠭᠰᠡᠨ ᠤ ᠳᠠᠷᠠᠭ᠎ᠠ ᠪᠦᠷ ᠪᠤᠴᠠᠭᠠᠵᠤ ᠥᠭᠬᠦ ᠦᠭᠡᠢ᠂ ᠥᠪᠡᠷᠲᠡᠭᠡᠨ ᠪᠡᠯᠡᠳᠬᠡᠯ ᠬᠢᠭᠡᠷᠡᠢ᠃ ᠭᠡᠷᠡᠴᠢᠯᠡᠬᠦ ᠮᠠᠲ᠋ᠧᠷᠢᠶᠠᠯ ᠤᠨ ᠭᠠᠳᠠᠷ ᠨᠢᠭᠤᠷ ᠲᠤ ᠲᠠᠨᠢᠯᠴᠠᠭᠤᠯᠬᠤ ᠨᠢᠭᠡᠴᠡ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ᠂ ᠪᠣᠶ ᠪᠦᠬᠦᠢ ᠭᠡᠷᠡᠴᠢᠯᠡᠬᠦ ᠮᠠᠲ᠋ᠧᠷᠢᠶᠠᠯ ᠳᠤ ᠴᠥᠮ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ︵ᠪᠤᠶᠤ ᠨᠢᠭᠡᠴᠡ︶ ᠤᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ ᠪᠥᠭᠡᠳ ᠬᠢᠨᠠᠨ ᠰᠢᠯᠭᠠᠭᠴᠢ ᠪᠠᠷ ᠭᠠᠷ ᠤᠨ ᠥᠰᠥᠭ ᠵᠢᠷᠤᠭᠤᠯᠵᠤ᠂ ᠦᠨᠡᠨ ᠪᠣᠳᠠᠲᠠᠢ ᠪᠥᠭᠡᠳ ᠬᠦᠴᠦᠨ ᠲᠠᠢ᠂ ᠠᠭᠤᠯᠭ᠎ᠠ ᠨᠢ ᠨᠢᠭᠡᠳᠦᠯᠲᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠡᠷᠡᠴᠢᠯᠡᠬᠦ ᠮᠠᠲ᠋ᠧᠷᠢᠶᠠᠯ ᠳᠤ ᠠᠵᠢᠯ ᠤᠨ ᠪᠦᠲᠦᠮᠵᠢ ᠦᠷ᠎ᠡ ᠪᠦᠲᠦᠭᠡᠯ᠂ ᠥᠭᠦᠯᠡᠯ ᠵᠣᠬᠢᠶᠠᠯ ᠵᠡᠷᠭᠡ ᠠᠴᠠ ᠭᠠᠳᠠᠨ᠎ᠠ ᠪᠠᠰᠠ ᠳᠣᠣᠷᠠᠬᠢ ᠮᠠᠲ᠋ᠧᠷᠢᠶᠠᠯ ᠤᠳ ᠢ ᠪᠠᠭᠲᠠᠭᠠᠬᠤ ᠬᠡᠷᠡᠭᠲᠡᠢ᠄ ᠦᠷᠬᠦᠯᠵᠢᠯᠡᠯ ᠰᠤᠷᠭᠠᠨ ᠬᠥᠮᠦᠵᠢᠯ ᠤᠨ ᠬᠢᠨᠠᠨ ᠰᠢᠯᠭᠠᠯᠲᠠ ᠶᠢᠨ ᠺᠠᠷᠲ᠂ ᠰᠤᠷᠤᠯᠭ᠎ᠠ ᠶᠢᠨ ᠨᠠᠮᠲᠠᠷ ︵ᠡᠷᠳᠡᠮ ᠤᠨ ᠴᠣᠯᠠ︶ ᠤᠨ ᠦᠨᠡᠮᠯᠡᠯ᠂ ᠵᠢᠩᠬᠢᠨᠢ ᠠᠩᠭᠢ ᠶᠢᠨ ᠭᠤᠣᠯ ᠬᠢᠴᠢᠶᠡᠯ ᠲᠡᠭᠦᠰᠦᠭᠰᠡᠨ ᠦᠨᠡᠮᠯᠡᠯ᠂ ᠣᠲᠣ ᠶᠢᠨ ᠣᠯᠣᠭᠰᠠᠨ ᠲᠤᠰᠬᠠᠢ ᠮᠡᠷᠭᠡᠵᠢᠯ ᠤᠨ ᠬᠢᠷᠢ ᠬᠡᠮ ᠤᠨ ᠦᠨᠡᠮᠯᠡᠯ᠂ ᠤᠷᠢᠯᠭ᠎ᠠ ᠶᠢᠨ ᠪᠢᠴᠢᠭ ︵ᠪᠤᠶᠤ ᠠᠵᠢᠯ ᠦᠢᠯᠡᠰ ᠤᠨ ᠨᠢᠭᠡᠴᠡ ᠶᠢᠨ ᠲᠤᠰᠬᠠᠢ ᠮᠡᠷᠭᠡᠵᠢᠯ ᠤᠨ ᠠᠵᠢᠯ  ᠤᠨ ᠪᠠᠶᠢᠷᠢ ᠶᠢᠨ ᠤᠷᠢᠵᠤ ᠬᠡᠷᠡᠭᠯᠡᠬᠦ ᠬᠥᠮᠥᠰ ᠤᠨ ᠳᠠᠩᠰᠠᠯᠠᠯᠲᠠ ᠶᠢᠨ ᠬᠦᠰᠦᠨᠦᠭᠲᠦ︶᠂ ᠣᠶᠢᠷ᠎ᠠ ᠶᠢᠨ ᠭᠤᠷᠪᠠᠨ ᠵᠢᠯ ᠤᠨ ᠣᠨ ᠤ ᠬᠢᠨᠠᠨ ᠰᠢᠯᠭᠠᠯᠲᠠ ᠶᠢᠨ ᠬᠦᠰᠦᠨᠦᠭᠲᠦ ︵2021 ᠣᠨ︱2023 ᠣᠨ︶᠃      ︵ᠭᠤᠷᠪᠠ︶ ᠮᠠᠲ᠋ᠧᠷᠢᠶᠠᠯ ᠭᠤᠶᠤᠴᠢᠯᠠᠨ ᠮᠡᠳᠡᠭᠦᠯᠦᠯᠲᠡ ᠶᠢᠨ ᠳᠠᠭᠤᠰᠬᠤ ᠴᠠᠭ      ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠦᠭᠰᠡᠨ ᠰᠤᠷᠤᠯᠭ᠎ᠠ ᠶᠢᠨ ᠨᠠᠮᠲᠠᠷ᠂ ᠬᠢᠷᠢ ᠬᠡᠮ᠂ ᠲᠤᠰᠢᠶᠠᠯ ᠡᠭᠦᠷᠭᠡᠯᠡᠭᠰᠡᠨ ᠵᠢᠯ ᠬᠤᠭᠤᠴᠠᠭ᠎ᠠ᠂ ᠠᠵᠢᠯ ᠤᠨ ᠠᠮᠵᠢᠯᠲᠠ ᠪᠦᠲᠦᠮᠵᠢ ︵ᠥᠭᠦᠯᠡᠯ᠂ ᠱᠠᠩᠨᠠᠯ᠂ ᠢᠷᠠᠭᠤ ᠠᠯᠳᠠᠷ ᠵᠡᠷᠭᠡ︶᠂ ᠦᠷᠬᠦᠯᠵᠢᠯᠡᠯ ᠰᠤᠷᠭᠠᠨ ᠬᠥᠮᠦᠵᠢᠯ ᠤᠨ ᠬᠢᠨᠠᠨ ᠰᠢᠯᠭᠠᠬᠤ ᠺᠠᠷᠲ ᠤᠨ ᠳᠠᠭᠤᠰᠬᠤ ᠴᠠᠭ ᠨᠢ ᠲᠤᠬᠠᠢ ᠶᠢᠨ ᠵᠢᠯ ᠤᠨ ᠮᠡᠷᠭᠡᠵᠢᠯ ‍ᠦᠨ‌‍ᠴᠣᠯᠠ ᠭᠤᠶᠤᠴᠢᠯᠠᠨ ᠮᠡᠳᠡᠭᠦᠯᠬᠦ ᠶᠢᠨ ᠳᠠᠭᠤᠰᠬᠤ ᠴᠠᠭ ᠪᠣᠯᠣᠨ᠎ᠠ᠃ ᠭᠤᠶᠤᠴᠢᠯᠠᠨ ᠮᠡᠳᠡᠭᠦᠯᠬᠦ ᠠᠵᠢᠯ ᠳᠠᠭᠤᠰᠤᠭᠰᠠᠨ ᠤ ᠳᠠᠷᠠᠭ᠎ᠠ᠂ ᠬᠠᠮᠢᠶ᠎ᠠ ᠪᠦᠬᠦᠢ ᠮᠠᠲ᠋ᠧᠷᠢᠶᠠᠯ ᠢ ᠳᠠᠭᠢᠵᠤ ᠨᠥᠬᠦᠵᠦ ᠮᠡᠳᠡᠭᠦᠯᠬᠦ ᠦᠭᠡᠢ᠃      ᠳᠥᠷᠪᠡ᠂ ᠬᠢᠨᠠᠨ ᠲᠣᠭᠲᠠᠭᠠᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ      ︵ᠨᠢᠭᠡ︶ ᠭᠤᠶᠤᠴᠢᠯᠠᠨ ᠮᠡᠳᠡᠭᠦᠯᠬᠦ ᠦᠨᠳᠦᠰᠦᠨ ᠨᠥᠬᠦᠴᠡᠯ      ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠯᠲᠠ ᠪᠠᠷ ᠭᠤᠶᠤᠴᠢᠯᠠᠨ ᠮᠡᠳᠡᠭᠦᠯᠬᠦ ᠳᠤ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠨᠥᠬᠦᠴᠡᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠲᠠᠷᠬᠠᠭᠠᠭᠰᠠᠨ ﹇2022﹈ 1 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ᠃      ︵ᠬᠤᠶᠠᠷ︶ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠯᠲᠠ ᠶᠢᠨ ᠰᠠᠭᠠᠳ ᠦᠭᠡᠢ ᠨᠡᠪᠲᠡᠷᠡᠬᠦ ᠵᠠᠮ ᠤᠨ ᠰᠠᠭᠠᠳ ᠦᠭᠡᠢ ᠨᠡᠪᠳᠡᠷᠡᠬᠦ  ᠶᠢ ᠪᠠᠳᠤᠯᠠᠬᠤ ᠬᠡᠷᠡᠭᠲᠡᠢ      ᠭᠤᠶᠤᠴᠢᠯᠠᠨ ᠮᠡᠳᠡᠭᠦᠯᠦᠭᠴᠢᠳ ᠨᠢ ᠮᠡᠷᠭᠡᠵᠢᠯ ᠤᠨ ᠴᠣᠯᠠ ᠶᠢᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠪᠠ ᠮᠡᠷᠭᠡᠵᠢᠯ ᠤᠨ ᠴᠣᠯᠠ ᠶᠢᠨ ᠲᠠᠰ ᠳᠠᠪᠬᠤᠷᠭ᠎ᠠ ᠪᠠᠷ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠪᠠᠷ ᠱᠠᠲᠤ ᠳᠠᠷᠠᠭᠠᠯᠠᠨ ᠮᠡᠳᠡᠭᠦᠯᠬᠦ ᠬᠡᠷᠡᠭᠲᠡᠢ᠃ ᠳᠣᠣᠷᠠᠬᠢ ᠮᠡᠲᠦ ᠬᠥᠮᠥᠰ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠰᠠᠭᠠᠳ ᠦᠭᠡᠢ ᠨᠡᠪᠲᠡᠷᠡᠬᠦ ᠵᠠᠮ ᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠣᠨ᠎ᠠ᠂ ᠠᠵᠢᠯ ᠤᠨ ᠪᠠᠶᠢᠷᠢ ᠶᠢᠨ ᠲᠤᠭ᠎ᠠ ︵ᠪᠦᠲᠦᠴᠡ ᠶᠢᠨ ᠬᠠᠷᠢᠴᠠᠯ︶ ᠳᠤ ᠬᠢᠵᠠᠭᠠᠷᠯᠠᠭᠳᠠᠬᠤ ᠦᠭᠡᠢ ᠪᠠᠶᠢᠵᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠵᠣᠬᠢᠬᠤ ᠮᠡᠷᠭᠡᠵᠢᠯ ᠤᠨ ᠴᠣᠯᠠ ᠪᠠᠨ ᠰᠢᠭᠤᠳ ᠮᠡᠳᠡᠭᠦᠯᠵᠦ ᠪᠣᠯᠣᠨ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ 1 ᠠᠴᠠ 6 ᠳ᠋ᠤᠭᠠᠷ ᠵᠦᠢᠯ ᠳᠤ ᠨᠡᠶᠢᠴᠡᠬᠦ ᠬᠥᠮᠥᠰ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠪᠠᠷ ᠮᠡᠳᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠳ ᠦᠭᠡᠢ ᠨᠡᠪᠲᠡᠷᠡᠬᠦ ᠵᠠᠮ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠺᠣᠮᠢᠰ  ᠠᠴᠠ ᠰᠢᠯᠭᠠᠷᠠᠭᠤᠯᠤᠨ᠎ᠠ᠃ 7᠂ 8 ᠳ᠋ᠤᠭᠠᠷ ᠵᠤᠷᠪᠤᠰ ᠲᠤ ᠨᠡᠶᠢᠴᠡᠬᠦ ᠠᠵᠢᠯᠲᠠᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠪᠠᠷ ᠮᠡᠳᠡᠭᠦᠯᠵᠦ᠂ ᠵᠣᠬᠢᠬᠤ ᠬᠢᠨᠠᠨ ᠲᠣᠭᠲᠠᠭᠠᠬᠤ ᠺᠣᠮᠢᠰ ᠠᠴᠠ ᠬᠢᠨᠠᠨ ᠲᠣᠭᠲᠠᠭᠠᠨ᠎ᠠ᠃ ᠨᠥᠬᠦᠴᠡᠯ ᠳᠤ ᠨᠡᠶᠢᠴᠡᠬᠦ ᠬᠥᠮᠥᠰ ᠲᠤ ᠵᠠᠷᠴᠢᠮ ᠳᠡᠭᠡᠷ᠎ᠡ ᠪᠠᠨ ᠨᠢᠭᠡ ᠯᠡ ᠤᠳᠠᠭ᠎ᠠ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠭᠡᠨ᠎ᠡ᠃      1.ᠴᠢᠬᠤᠯᠠ ᠶᠡᠭᠡ ᠰᠠᠭᠤᠷᠢ ᠰᠤᠳᠤᠯᠭᠠᠨ ᠪᠠ ᠬᠤᠰᠢᠭᠤᠷᠠᠯ ᠮᠡᠷᠭᠡᠵᠢᠯ ᠤᠨ ᠰᠢᠪᠲᠤᠯᠤᠯᠲᠠ ᠲᠠᠢ ᠪᠣᠯᠤᠭᠰᠠᠨ᠂ ᠴᠢᠬᠤᠯᠠ ᠶᠡᠭᠡ ᠢᠨᠵᠧᠨᠧᠷᠢᠩ ᠤᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠪᠤᠶᠤ ᠠᠵᠤ ᠠᠬᠤᠢ ᠨᠡᠶᠢᠭᠡᠮ ᠤᠨ ᠡᠯ᠎ᠡ ᠲᠥᠷᠥᠯ ᠤᠨ ᠠᠵᠢᠯ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ᠂ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠤᠨ ᠮᠡᠷᠭᠡᠵᠢᠯ ᠤᠨ ᠬᠠᠷᠢᠭᠤᠴᠠᠯᠭᠠᠲᠠᠨ ᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠰᠤᠳᠤᠯᠤᠨ ᠲᠠᠨᠢᠯᠴᠠᠭᠤᠯᠬᠤ ᠶᠢᠨ ᠬᠠᠮᠲᠤ᠂ ᠬᠠᠮᠢᠶ᠎ᠠ ᠪᠦᠬᠦᠢ ᠠᠵᠢᠯ ᠤᠨ ᠠᠮᠵᠢᠯᠲᠠ ᠪᠦᠲᠦᠮᠵᠢ᠂ ᠬᠤᠪᠢ ᠨᠡᠮᠡᠷᠢ ᠪᠠ ᠦᠷ᠎ᠡ ᠪᠦᠲᠦᠭᠡᠯ ᠤᠨ ᠬᠢᠨᠠᠨ ᠲᠣᠭᠲᠠᠭᠠᠯᠲᠠ ᠶᠢᠨ ᠮᠠᠲ᠋ᠧᠷᠢᠶᠠᠯ ᠢ ᠬᠠᠩᠭᠠᠵᠤ᠂ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃      2.︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠶᠢ ᠬᠡᠷᠡᠭᠵᠢᠭᠦᠯᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2017﹈ 77 ᠳ᠋ᠤᠭᠠᠷ ᠲᠣᠭᠠᠲᠤ︶ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠵᠦ᠂ ᠣᠷᠣᠭᠤᠯᠤᠨ ᠠᠪᠴᠢᠷᠠᠭᠰᠠᠨ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ᠂ ᠪᠠᠴᠢᠮ ᠬᠡᠷᠡᠭᠰᠡᠬᠦ ᠪᠠ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠪᠠᠷ ᠰᠢᠭᠤᠳ ᠮᠡᠳᠡᠭᠦᠯᠵᠦ ᠪᠣᠯᠣᠨ᠎ᠠ᠃ ᠮᠡᠷᠭᠡᠵᠢᠯ ᠤᠨ ᠴᠣᠯᠠ ᠶᠢ ᠥᠪᠡᠰᠦᠪᠡᠨ ᠬᠢᠨᠠᠨ ᠲᠣᠭᠲᠠᠭᠠᠬᠤ ᠨᠢᠭᠡᠴᠡ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠲᠣᠰ ᠨᠢᠭᠡᠴᠡ ᠶᠢᠨ ᠬᠢᠨᠠᠨ ᠲᠣᠭᠲᠠᠭᠠᠬᠤ ᠺᠣᠮᠢᠰ ᠠᠴᠠ ᠵᠣᠬᠢᠬᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠨ᠎ᠠ᠃      3.ᠠᠬᠠᠯᠠᠭᠴᠢ ᠳ᠋ᠣᠺᠲ᠋ᠣᠷ ᠥᠷᠲᠡᠭᠡᠨ ᠳᠤ ᠪᠠᠶᠢᠬᠤ ᠬᠤᠭᠤᠴᠠᠭᠠᠨ ᠳᠠᠭᠠᠨ ᠳᠤᠮᠳᠠᠳᠤ ᠤᠯᠤᠰ ᠤᠨ ᠠᠬᠠᠯᠠᠭᠴᠢ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠲᠤᠰᠠᠯᠠᠮᠵᠢ ᠶᠢ ᠭᠥᠷᠳᠡᠭᠰᠡᠨ ᠪᠤᠶᠤ ᠮᠤᠵᠢ ᠶᠠᠮᠤᠨ ᠤ ᠲᠠᠰ ᠠᠴᠠ ᠳᠡᠭᠡᠭᠰᠢᠬᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠡᠷᠭᠢᠯᠡᠵᠦ᠂ ᠥᠷᠲᠡᠭᠡᠨ ᠠᠴᠠ ᠭᠠᠷᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠳᠤ ᠦᠯᠡᠳᠡᠵᠦ ᠠᠵᠢᠯᠯᠠᠭᠰᠠᠨ ᠲᠤᠰᠬᠠᠢ ᠮᠡᠷᠭᠡᠵᠢᠯ ᠤᠨ ᠠᠵᠢᠯᠲᠠᠨ ᠢ ᠬᠥᠮᠥᠨ ᠬᠡᠷᠡᠭᠯᠡᠬᠦ ᠨᠢᠭᠡᠴᠡ ᠠᠴᠠ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ᠂ ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ‌‍ᠦ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠤᠶᠤ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠤᠳᠤᠯᠤᠨ ᠲᠠᠨᠢᠯᠴᠠᠭᠤᠯᠵᠤ᠂ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠰᠢᠭᠤᠳ ᠭᠤᠶᠤᠴᠢᠯᠠᠨ ᠮᠡᠳᠡᠭᠦᠯᠦᠨ᠎ᠡ᠃      4.ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠨᠥᠬᠦᠴᠡᠯ ᠳᠤ ᠲᠣᠭᠲᠠᠭᠠᠭᠰᠠᠨ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ  ᠶᠢ ᠪᠦᠷᠢᠯᠳᠦᠭᠦᠯᠦᠭᠰᠡᠨ ᠦᠭᠡᠢ᠂ ᠭᠡᠪᠡᠴᠦ ᠣᠷᠳᠣ ᠬᠤᠭᠤᠴᠠᠭ᠎ᠠ ᠪᠠᠷ ᠲᠤᠰᠬᠠᠢ ᠮᠡᠷᠭᠡᠵᠢᠯ ᠤᠨ ᠠᠵᠢᠯ ᠬᠢᠵᠦ ᠪᠠᠶᠢᠭ᠎ᠠ᠂ ᠠᠵᠢᠯ ᠤᠨ ᠪᠦᠲᠦᠮᠵᠢ ᠪᠠᠷ ᠢᠯᠡᠳᠲᠡ᠂ ᠬᠤᠪᠢ ᠨᠡᠮᠡᠷᠢ ᠪᠠᠷ ᠲᠣᠪᠣᠶᠢᠮ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠠᠵᠢᠯ ᠤᠨ ᠪᠠᠶᠢᠷᠢ ᠳᠤ ᠪᠠᠶᠢᠭ᠎ᠠ ᠪᠠ ᠠᠵᠢᠯ ᠤᠨ ᠪᠠᠶᠢᠷᠢ ᠳᠤ ᠪᠠᠶᠢᠭ᠎ᠠ ᠵᠢᠩᠬᠢᠨᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠠᠵᠢᠯ ᠨᠢᠭᠡᠲᠡᠨ ᠤ 2 ᠨᠡᠷᠡᠰ ᠠᠴᠠ ᠳᠡᠭᠡᠭᠰᠢ ᠲᠤᠰᠬᠠᠢ ᠮᠡᠷᠭᠡᠵᠢᠯᠲᠡᠨ ᠠᠴᠠ ᠲᠠᠨᠢᠯᠴᠠᠭᠤᠯᠬᠤ ᠰᠠᠨᠠᠯ ᠭᠠᠷᠭᠠᠬᠤ ᠶᠢᠨ ᠬᠠᠮᠲᠤ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠰᠤᠳᠤᠯᠤᠨ ᠲᠠᠨᠢᠯᠴᠠᠭᠤᠯᠵᠤ᠂ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠳᠤ ᠬᠢᠵᠠᠭᠠᠷᠯᠠᠭᠳᠠᠬᠤ ᠦᠭᠡᠢ ᠪᠠᠷ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠵᠦ ᠪᠣᠯᠣᠨ᠎ᠠ᠃      5.ᠭᠠᠳᠠᠭᠠᠳᠤ ᠳᠤ ᠣᠷᠳᠣ ᠬᠤᠭᠤᠴᠠᠭ᠎ᠠ ᠪᠠᠷ ᠲᠤᠰᠬᠠᠢ ᠮᠡᠷᠭᠡᠵᠢᠯ ᠤᠨ ᠠᠵᠢᠯ ᠬᠢᠵᠦ᠂ ᠢᠯᠡᠳᠲᠡ ᠠᠮᠵᠢᠯᠲᠠ ᠪᠦᠲᠦᠮᠵᠢ ᠣᠯᠣᠭᠰᠠᠨ ᠭᠠᠳᠠᠭᠠᠳᠤ ᠠᠴᠠ ᠪᠤᠴᠠᠵᠤ ᠢᠷᠡᠭᠰᠡᠳ᠂ ᠠᠩᠬ᠎ᠠ ᠤᠳᠠᠭ᠎ᠠ ᠮᠡᠷᠭᠡᠵᠢᠯ ᠤᠨ ᠴᠣᠯᠠ ᠮᠡᠳᠡᠭᠦᠯᠬᠦ ᠳᠡᠭᠡᠨ᠂ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠪᠠ ᠠᠵᠢᠯ ᠤᠨ ᠠᠮᠵᠢᠯᠲᠠ ᠪᠦᠲᠦᠮᠵᠢ ᠶᠢᠨ ᠨᠥᠬᠦᠴᠡᠯ ᠢᠶᠠᠨ ᠦᠨᠳᠦᠰᠦᠯᠡᠨ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠰᠤᠳᠤᠯᠤᠨ ᠲᠠᠨᠢᠯᠴᠠᠭᠤᠯᠵᠤ᠂ ᠠᠳᠠᠯᠢ ᠲᠥᠷᠥᠯ ᠤᠨ ᠬᠥᠮᠥᠰ ᠤᠨ ᠬᠢᠨᠠᠨ ᠲᠣᠭᠲᠠᠭᠠᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠵᠣᠬᠢᠬᠤ ᠮᠡᠷᠭᠡᠵᠢᠯ ᠤᠨ ᠴᠣᠯᠠ ᠶᠢ ᠰᠢᠭᠤᠳ ᠮᠡᠳᠡᠭᠦᠯᠵᠦ ᠪᠣᠯᠣᠨ᠎ᠠ᠃      6.ᠳᠡᠭᠡᠳᠦ ᠮᠡᠷᠭᠡᠵᠢᠯ ᠤᠨ ᠴᠢᠳᠠᠪᠤᠷᠢᠲᠠᠨ ᠬᠢᠭᠡᠳ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢ ᠨᠡᠪᠲᠡᠷᠡᠭᠦᠯᠦᠭᠰᠡᠨ 8 ᠬᠦᠷᠢᠶ᠎ᠡ ᠴᠠᠷᠠᠭ᠎ᠠ ᠳᠤ᠂ ᠣᠨᠴᠠ ᠠᠷᠭ᠎ᠠ ᠤᠬᠠᠭᠠᠨ ᠲᠠᠢ᠂ ᠣᠨᠴᠠ ᠡᠷᠳᠡᠮ ᠲᠠᠢ᠂ ᠣᠨᠴᠠ ᠮᠡᠷᠭᠡᠵᠢᠯ ᠲᠠᠢ ᠳᠡᠭᠡᠳᠦ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠤᠳᠤᠯᠤᠨ ᠲᠠᠨᠢᠯᠴᠠᠭᠤᠯᠬᠤ ᠶᠢᠨ ᠬᠠᠮᠲᠤ᠂ ᠬᠠᠮᠢᠶ᠎ᠠ ᠪᠦᠬᠦᠢ ᠠᠵᠢᠯ ᠤᠨ ᠠᠮᠵᠢᠯᠲᠠ ᠪᠦᠲᠦᠮᠵᠢ᠂ ᠬᠤᠪᠢ ᠨᠡᠮᠡᠷᠢ ᠪᠠ ᠦᠷ᠎ᠡ ᠪᠦᠲᠦᠭᠡᠯ ᠢ ᠬᠢᠨᠠᠨ ᠲᠣᠭᠲᠠᠭᠠᠭᠰᠠᠨ ᠮᠠᠲ᠋ᠧᠷᠢᠶᠠᠯ ᠢ ᠬᠠᠩᠭᠠᠵᠤ᠂ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃      7.ᠳᠣᠣᠷᠠᠬᠢ ᠮᠡᠲᠦ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠬᠥᠮᠥᠵᠢᠭᠦᠯᠬᠦ ᠲᠥᠷᠥᠯ ᠵᠦᠢᠯ ᠳᠤ ᠵᠢᠭᠰᠠᠭᠠᠨ ᠣᠷᠣᠭᠤᠯᠵᠤ᠂ ᠬᠥᠮᠥᠵᠢᠭᠦᠯᠬᠦ ᠬᠤᠭᠤᠴᠠᠭᠠᠨ ᠳᠤ ᠠᠵᠢᠯ ᠤᠨ ᠠᠮᠵᠢᠯᠲᠠ ᠪᠦᠲᠦᠮᠵᠢ ᠪᠠᠷ ᠲᠣᠪᠣᠶᠢᠮ᠎ᠠ ᠪᠠᠶᠢᠪᠠᠯ ᠵᠣᠬᠢᠬᠤ ᠮᠡᠷᠭᠡᠵᠢᠯ ᠤᠨ ᠴᠣᠯᠠ ᠶᠢ ᠰᠢᠭᠤᠳ ᠮᠡᠳᠡᠭᠦᠯᠵᠦ ᠪᠣᠯᠣᠨ᠎ᠠ᠃ ᠡᠭᠦᠨ ᠳᠤ᠂ ︽ᠰᠢᠨ᠎ᠡ ᠴᠠᠭ ᠦᠶ᠎ᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠣᠩᠭᠤᠨ ᠬᠥᠮᠥᠵᠢᠭᠦᠯᠬᠦ ᠲᠥᠷᠥᠯ ᠵᠦᠢᠯ︾ ᠤᠨ ᠨᠢᠭᠡᠳᠦᠭᠡᠷ ᠲᠠᠰ ᠳᠠᠪᠬᠤᠷᠭ᠎ᠠ ᠶᠢᠨ ᠵᠢᠱᠢᠭᠳᠡᠭᠴᠢ ᠶᠢ ᠰᠢᠭᠤᠳ ᠵᠢᠩᠬᠢᠨᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠳᠤ ᠮᠡᠳᠡᠭᠦᠯᠵᠦ ᠪᠣᠯᠣᠨ᠎ᠠ᠃ ︽ᠰᠢᠨ᠎ᠡ ᠴᠠᠭ ᠦᠶ᠎ᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠣᠩᠭᠤᠨ ᠬᠥᠮᠥᠵᠢᠭᠦᠯᠬᠦ ᠲᠥᠷᠥᠯ ᠵᠦᠢᠯ︾ ᠤᠨ ᠬᠤᠶᠠᠳᠤᠭᠠᠷ ᠳᠠᠪᠬᠤᠷᠭ᠎ᠠ ᠶᠢᠨ ᠵᠢᠱᠢᠭᠳᠡᠭᠴᠢ᠂ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ ᠤ ᠢᠨᠵᠧᠨᠧᠷᠢᠩ ᠤᠨ ᠵᠠᠯᠠᠭᠤᠴᠤᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢᠨ ᠨᠢᠭᠡᠳᠦᠭᠡᠷ ᠳᠠᠪᠬᠤᠷᠭ᠎ᠠ ᠶᠢᠨ ᠵᠢᠱᠢᠭᠳᠡᠭᠴᠢ ᠰᠢᠭᠤᠳ ᠳᠡᠭᠡᠳᠦ ᠨᠢᠭᠡ ᠳᠡᠰ ᠤᠨ ᠮᠡᠷᠭᠡᠵᠢᠯ ᠤᠨ ᠴᠣᠯᠠ ᠭᠤᠶᠤᠴᠢᠯᠠᠵᠤ ᠪᠣᠯᠣᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ ᠲᠡᠭᠦᠨ ᠠᠴᠠ ᠳᠣᠷᠣᠭᠰᠢᠬᠢ ᠭᠠᠵᠠᠷ ᠣᠷᠣᠨ ᠤ ᠨᠢᠭᠡᠴᠡ ᠳᠤ ᠠᠵᠢᠯᠯᠠᠵᠤ ᠪᠠᠶᠢᠪᠠᠯ᠂ ︽ᠰᠢᠨ᠎ᠡ ᠴᠠᠭ ᠦᠶ᠎ᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠣᠩᠭᠤᠨ ᠬᠥᠮᠥᠵᠢᠭᠦᠯᠬᠦ ᠲᠥᠷᠥᠯ ᠵᠦᠢᠯ︾ ᠤᠨ ᠭᠤᠷᠪᠠᠳᠤᠭᠠᠷ ᠲᠠᠰ ᠳᠠᠪᠬᠤᠷᠭ᠎ᠠ ᠶᠢᠨ ᠵᠢᠱᠢᠭᠳᠡᠭᠴᠢ ᠶᠢ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ ᠤ ᠢᠨᠵᠧᠨᠧᠷᠢᠩ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠵᠠᠯᠠᠭᠤ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢᠨ ᠬᠤᠶᠠᠳᠤᠭᠠᠷ ᠲᠠᠰ ᠳᠠᠪᠬᠤᠷᠭ᠎ᠠ ᠶᠢᠨ ᠵᠢᠱᠢᠭᠳᠡᠭᠴᠢ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢ ᠰᠢᠭᠤᠳ ᠭᠤᠶᠤᠴᠢᠯᠠᠵᠤ ᠪᠣᠯᠣᠨ᠎ᠠ᠃      8.ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠲᠠᠨ ︵ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯᠲᠠᠨ ᠪᠠᠭᠲᠠᠨ᠎ᠠ︶ ᠪᠤᠶᠤ ᠴᠡᠷᠢᠭ ᠠᠴᠠ ᠬᠠᠯᠠᠭᠳᠠᠭᠰᠠᠳ ᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠲᠤᠰᠬᠠᠢ ᠮᠡᠷᠭᠡᠵᠢᠯ ᠤᠨ ᠠᠵᠢᠯ ᠬᠢᠯᠭᠡᠬᠦ ᠪᠠᠷ ᠲᠣᠬᠢᠷᠠᠭᠤᠯᠤᠭᠰᠠᠨ ᠠᠵᠢᠯᠲᠠᠨ ᠠᠩᠬ᠎ᠠ ᠤᠳᠠᠭ᠎ᠠ ᠮᠡᠷᠭᠡᠵᠢᠯ ᠤᠨ ᠴᠣᠯᠠ ᠮᠡᠳᠡᠭᠦᠯᠬᠦ ᠳᠡᠭᠡᠨ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠪᠠ ᠠᠵᠢᠯ ᠤᠨ ᠠᠮᠵᠢᠯᠲᠠ ᠪᠦᠲᠦᠮᠵᠢ ᠶᠢ ᠨᠢ ᠦᠨᠳᠦᠰᠦᠯᠡᠬᠦ ᠶᠢᠨ ᠬᠠᠮᠲᠤ ᠠᠳᠠᠯᠢ ᠲᠥᠷᠥᠯ ᠤᠨ ᠠᠵᠢᠯᠲᠠᠨ ᠤ ᠬᠢᠨᠠᠨ ᠲᠣᠭᠲᠠᠭᠠᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠵᠣᠬᠢᠬᠤ ᠮᠡᠷᠭᠡᠵᠢᠯ ᠤᠨ ᠴᠣᠯᠠ ᠶᠢ ᠰᠢᠭᠤᠳ ᠮᠡᠳᠡᠭᠦᠯᠵᠦ ᠪᠣᠯᠣᠨ᠎ᠠ᠃      ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠨᠢᠭᠡᠳᠦᠭᠡᠷ ᠹᠷᠣᠨᠲ ᠤᠨ ᠦᠨᠳᠦᠰᠦᠨ ᠱᠠᠲᠤᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠳᠤ ᠬᠡᠯᠪᠡᠶᠢᠬᠦ ᠲᠥᠷᠥ ᠶᠢᠨ ᠪᠣᠳᠣᠯᠭ᠎ᠠ      1.ᠬᠤᠰᠢᠭᠤ ᠰᠢᠶᠠᠨ ︵ᠬᠤᠲᠠ᠂ ᠲᠣᠭᠤᠷᠢᠭ︶ ᠳᠤ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 30 ᠵᠢᠯ ᠪᠣᠯᠤᠭᠰᠠᠨ ᠪᠤᠶᠤ ᠰᠤᠮᠤ ᠰᠢᠶᠠᠩ ᠪᠠᠯᠭᠠᠰᠤ ᠳᠤ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 20 ᠵᠢᠯ ᠪᠣᠯᠤᠭᠰᠠᠨ ᠰᠢᠯᠢᠳᠡᠭ ᠲᠤᠰᠬᠠᠢ ᠮᠡᠷᠭᠡᠵᠢᠯ ᠤᠨ ᠴᠢᠳᠠᠪᠤᠷᠢᠲᠠᠨ ᠳᠤ ᠰᠤᠷᠤᠯᠭ᠎ᠠ ᠶᠢᠨ ᠨᠠᠮᠲᠠᠷ᠂ ᠲᠤᠰᠬᠠᠢ ᠮᠡᠷᠭᠡᠵᠢᠯ ᠪᠠ ᠨᠢᠭᠡᠴᠡ ᠶᠢᠨ ᠠᠵᠢᠯ ᠤᠨ ᠪᠠᠶᠢᠷᠢ ᠶᠢᠨ ᠲᠤᠰᠢᠶᠠᠯ ᠤᠨ ᠲᠤᠭ᠎ᠠ ᠶᠢᠨ ᠬᠢᠵᠠᠭᠠᠷᠯᠠᠯ ᠢ ᠬᠦᠯᠢᠶᠡᠬᠦ ᠦᠭᠡᠢ᠂ ᠠᠵᠢᠯ ᠤᠨ ᠠᠮᠵᠢᠯᠲᠠ ᠪᠦᠲᠦᠮᠵᠢ ᠦᠷ᠎ᠡ ᠪᠦᠲᠦᠭᠡᠯ ᠵᠡᠷᠭᠡ ᠪᠤᠰᠤᠳ ᠨᠥᠬᠦᠴᠡᠯ ᠳᠤ ᠨᠡᠶᠢᠴᠡᠭᠰᠡᠨ ᠪᠠᠶᠢᠳᠠᠯ ᠳᠣᠣᠷ᠎ᠠ᠂ ᠳᠡᠭᠡᠳᠦ ᠨᠢᠭᠡ ᠳᠡᠰ ᠤᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠪᠠ ᠤᠷᠢᠬᠤ ᠳᠤ ᠱᠠᠲᠤ ᠠᠯᠭᠠᠰᠠᠨ ᠣᠷᠣᠯᠴᠠᠵᠤ ᠪᠣᠯᠣᠨ᠎ᠠ᠃ ᠬᠥᠮᠥᠨ ᠬᠡᠷᠡᠭᠯᠡᠬᠦ ᠨᠢᠭᠡᠴᠡ ᠰᠣᠩᠭᠤᠨ ᠲᠠᠨᠢᠯᠴᠠᠭᠤᠯᠬᠤ ᠵᠢᠱᠢᠭᠳᠡᠭᠴᠢ ᠶᠢ ᠬᠢᠨᠠᠨ ᠬᠠᠷᠭᠤᠭᠤᠯᠬᠤ ᠪᠣᠭᠤᠮᠲᠠ ᠶᠢ ᠰᠠᠶᠢᠲᠤᠷ ᠠᠳᠬᠤᠵᠤ᠂ ᠲᠣᠪᠣᠶᠢᠮ᠎ᠠ ᠠᠮᠵᠢᠯᠲᠠ ᠪᠦᠲᠦᠮᠵᠢ ᠶᠢᠨ ᠬᠤᠪᠢ ᠨᠡᠮᠡᠷᠢ ᠶᠢ ᠮᠡᠳᠡᠭᠦᠯᠦᠨ ᠲᠠᠨᠢᠯᠴᠠᠭᠤᠯᠵᠤ᠂ ᠡᠩ ᠤᠨ ᠦᠶ᠎ᠡ ᠶᠢᠨ ᠬᠢᠨᠠᠨ ᠰᠢᠯᠭᠠᠯᠲᠠ᠂ ᠣᠨ ᠤ ᠬᠢᠨᠠᠨ ᠰᠢᠯᠭᠠᠯᠲᠠ ᠶᠢᠨ ᠦᠷ᠎ᠡ ᠳ᠋ᠦᠩ ᠵᠡᠷᠭᠡ  ᠯᠦᠭᠡ ᠬᠠᠷᠢᠯᠴᠠᠨ ᠤᠶᠠᠯᠳᠤᠭᠤᠯᠵᠤ᠂ ᠪᠠᠷᠢᠮᠵᠢᠶ᠎ᠠ ᠶᠢᠨ ᠨᠥᠬᠦᠴᠡᠯ ᠢ ᠳᠥᠭᠦᠮᠬᠡᠨ ᠢᠶᠠᠷ ᠨᠢᠭᠡ ᠯᠡ ᠬᠥᠭ ᠢᠶᠠᠷ ᠪᠠᠭᠤᠷᠠᠭᠤᠯᠵᠤ ᠪᠣᠯᠬᠤ ᠦᠭᠡᠢ᠂ ᠲᠥᠷᠥ ᠶᠢᠨ ᠪᠣᠳᠣᠯᠭ᠎ᠠ ᠶᠢᠨ ︽ᠬᠤᠲᠣᠭᠤᠷ ᠭᠠᠵᠠᠷ︾ ᠭᠠᠷᠭᠠᠵᠤ ᠪᠣᠯᠬᠤ ᠦᠭᠡᠢ᠂ ᠦᠨᠡᠨ ᠬᠦ ᠨᠥᠬᠦᠴᠡᠯ ᠳᠤ ᠨᠡᠶᠢᠴᠡᠬᠦ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠦᠨᠳᠦᠰᠦᠨ ᠱᠠᠲᠤᠨ ᠤ ᠰᠢᠯᠢᠳᠡᠭ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠣᠩᠭᠤᠨ ᠲᠠᠨᠢᠯᠴᠠᠭᠤᠯᠬᠤ ᠶᠢ ᠦᠨᠡᠨ ᠬᠦ ᠪᠠᠲᠤᠯᠠᠬᠤᠬᠡᠷᠡᠭᠲᠡᠢ᠃      2.ᠦᠨᠳᠦᠰᠦᠨ ᠱᠠᠲᠤᠨ ᠳᠤ ᠦᠢᠯᠡᠴᠢᠯᠡᠬᠦ ᠤᠳᠤᠷᠢᠳᠤᠮᠵᠢ ᠶᠢ ᠲᠣᠪᠤᠶᠢᠯᠭᠠᠨ᠂ ᠳᠡᠭᠡᠳᠦ ᠰᠤᠷᠭᠠᠭᠤᠯᠢ ᠲᠡᠭᠦᠰᠦᠭᠰᠡᠳ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠦᠨᠳᠦᠰᠦᠨ ᠱᠠᠲᠤᠨ ᠤ ᠨᠢᠭᠡᠴᠡ ᠳᠤ ᠲᠣᠰ ᠲᠤᠰᠬᠠᠢ ᠮᠡᠷᠭᠡᠵᠢᠯ ᠪᠤᠶᠤ ᠣᠶᠢᠷᠠᠯᠴᠠᠭ᠎ᠠ ᠲᠤᠰᠬᠠᠢ ᠮᠡᠷᠭᠡᠵᠢᠯ ᠤᠨ ᠠᠵᠢᠯ ᠬᠢᠵᠦ᠂ ᠬᠢᠨᠠᠨ ᠰᠢᠯᠭᠠᠭᠠᠳ ᠬᠢᠷᠢ ᠲᠡᠩᠴᠡᠪᠡᠯ᠂ ᠮᠡᠷᠭᠡᠵᠢᠯ ᠤᠨ ᠴᠣᠯᠠ ᠶᠢᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠵᠣᠬᠢᠬᠤ ᠮᠡᠷᠭᠡᠵᠢᠯ ᠤᠨ ᠴᠣᠯᠠ ︵ᠰᠢᠯᠭᠠᠯᠲᠠ ᠪᠠᠷ ᠬᠢᠨᠠᠨ ᠲᠣᠭᠲᠠᠭᠠᠯᠲᠠ ᠶᠢ ᠣᠷᠣᠯᠠᠭᠤᠯᠬᠤ ᠲᠤᠰᠬᠠᠢ ᠮᠡᠷᠭᠡᠵᠢᠯ ᠪᠠᠭᠲᠠᠬᠤ ᠦᠭᠡᠢ︶ ᠶᠢ ᠮᠠᠭᠠᠳᠯᠠᠨ ᠲᠣᠭᠲᠠᠭᠠᠯᠭᠠᠬᠤ ᠪᠠᠷ ᠰᠢᠭᠤᠳ ᠭᠤᠶᠤᠴᠢᠯᠠᠵᠤ ᠪᠣᠯᠣᠨ᠎ᠠ᠂ ᠬᠢᠨᠠᠨ ᠲᠣᠭᠲᠠᠭᠠᠬᠤ ᠴᠢᠬᠤᠯᠠ ᠦᠭᠡᠢ᠃ ᠡᠭᠦᠨ ᠳᠤ᠂ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠠᠵᠢᠯᠯᠠᠭᠠᠳ ᠪᠦᠬᠦᠯᠢ 2 ᠵᠢᠯ ᠪᠣᠯᠤᠭᠰᠠᠨ ᠪᠠᠶᠢᠪᠠᠯ᠂ ᠲᠤᠰᠠᠯᠠᠬᠤ ᠲᠠᠰ ᠤᠨ ᠮᠡᠷᠭᠡᠵᠢᠯ ᠤᠨ ᠴᠣᠯᠠ ᠪᠠᠷ ᠮᠠᠭᠠᠳᠯᠠᠨ ᠲᠣᠭᠲᠠᠭᠠᠵᠤ ᠪᠣᠯᠣᠨ᠎ᠠ᠃ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ ᠪᠤᠶᠤ ᠣᠶᠤᠲᠠᠨ ᠤ ᠴᠣᠯᠠ ᠲᠠᠢ ᠪᠣᠯ ᠠᠵᠢᠯᠯᠠᠭᠰᠠᠨ ᠤ ᠲᠡᠷᠠᠭ᠎ᠠ ᠲᠤᠰᠠᠯᠠᠬᠤ ᠲᠡᠰ ᠤᠨ ᠮᠡᠷᠭᠡᠵᠢᠯ ᠤᠨ ᠴᠣᠯᠠ ᠶᠢ ᠨᠢ ᠮᠠᠭᠠᠳᠯᠠᠨ ᠲᠣᠭᠲᠠᠭᠠᠵᠤ ᠪᠣᠯᠣᠨ᠎ᠠ᠃ ᠮᠠᠰᠲ᠋ᠧᠷ ᠴᠣᠯᠠ ᠪᠤᠶᠤ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠠᠵᠢᠯᠯᠠᠭᠠᠳ ᠪᠦᠬᠦᠯᠢ 1 ᠵᠢᠯ ᠪᠣᠯᠤᠭᠰᠠᠨ ᠪᠠᠶᠢᠪᠠᠯ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠪᠠᠷ ᠮᠠᠭᠠᠳᠯᠠᠨ ᠲᠣᠭᠲᠠᠭᠠᠵᠤ ᠪᠣᠯᠣᠨ᠎ᠠ᠃ ᠳ᠋ᠣᠺᠲ᠋ᠣᠷ ᠴᠣᠯᠠ ᠲᠠᠢ  ᠨᠢ ᠠᠵᠢᠯᠯᠠᠭᠰᠠᠨ ᠤ ᠳᠠᠷᠠᠭ᠎ᠠ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢ ᠮᠠᠭᠠᠳᠯᠠᠨ ᠲᠣᠭᠲᠠᠭᠠᠵᠤ ᠪᠣᠯᠣᠨ᠎ᠠ᠃      3.ᠰᠤᠮᠤ ᠰᠢᠶᠠᠩ ᠪᠠᠯᠭᠠᠰᠤ ᠶᠢᠨ ᠠᠵᠢᠯ ᠦᠢᠯᠡᠰ ᠤᠨ ᠨᠢᠭᠡᠴᠡ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠪᠦᠬᠦᠯᠢ 2 ᠵᠢᠯ ᠠᠵᠢᠯᠯᠠᠭᠰᠠᠨ ᠵᠢᠩᠬᠢᠨᠢ ᠠᠩᠭᠢ ᠲᠡᠭᠦᠰᠦᠭᠰᠡᠳ ᠪᠠ ᠪᠦᠬᠦᠯᠢ 4 ᠵᠢᠯ ᠪᠣᠯᠤᠭᠰᠠᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠬᠢᠨᠠᠨ ᠰᠢᠯᠭᠠᠭᠠᠳ ᠬᠢᠷᠢ ᠲᠡᠩᠴᠡᠪᠡᠯ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠯᠲᠠ‌‍ᠳᠤ ᠰᠢᠭᠤᠳ ᠣᠷᠣᠯᠴᠠᠵᠤ ᠪᠣᠯᠣᠨ᠎ᠠ᠃      4.ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠥᠳᠡᠭᠡ ᠲᠣᠰᠬᠤᠨ ᠳᠤ ᠲᠣᠭᠲᠠᠮᠠᠯ ᠬᠤᠭᠤᠴᠠᠭ᠎ᠠ ᠲᠠᠢ ᠪᠠᠷ ᠦᠢᠯᠡᠴᠢᠯᠡᠬᠦ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠵᠤ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠲᠤᠬᠠᠢ ᠶᠢᠨ ᠵᠢᠯ ᠳᠤ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠤ ᠦᠢᠯᠡᠴᠢᠯᠡᠬᠦ ᠴᠠᠭ ᠨᠢ 3 ᠰᠠᠷ᠎ᠠ ᠠᠴᠠ ᠳᠡᠭᠡᠭᠰᠢ ᠪᠣᠯᠤᠭᠰᠠᠨ ᠪᠠᠶᠢᠪᠠᠯ᠂ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠪᠡᠯ ᠲᠤᠬᠠᠢ ᠶᠢᠨ ᠵᠢᠯ ᠤᠨ ᠦᠷᠬᠦᠯᠵᠢᠯᠡᠯ ᠰᠤᠷᠭᠠᠨ ᠬᠦᠮᠦᠵᠢᠯ ᠤᠨ ᠴᠠᠭ ᠤᠨ ᠱᠠᠭᠠᠷᠳᠠᠯᠭ᠎ᠠ ᠶᠢ ᠬᠡᠯᠲᠦᠷᠢᠭᠦᠯᠵᠦ ᠪᠣᠯᠣᠨ᠎ᠠ᠃ ᠣᠲᠣ ᠶᠢᠨ ᠪᠠᠶᠢᠭ᠎ᠠ ᠮᠡᠷᠭᠡᠵᠢᠯ ᠤᠨ ᠴᠣᠯᠠ ᠣᠯᠣᠭᠰᠠᠨ ᠤ ᠳᠠᠷᠠᠭ᠎ᠠ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠤ ᠦᠢᠯᠡᠴᠢᠯᠡᠭᠰᠡᠨ ᠵᠢᠯ ᠬᠤᠭᠤᠴᠠᠭ᠎ᠠ ᠨᠢ ᠨᠡᠶᠢᠲᠡ 3 ᠵᠢᠯ ᠠᠴᠠ ᠳᠡᠭᠡᠭᠰᠢ ᠪᠣᠯᠤᠭᠰᠠᠨ ᠪᠥᠭᠡᠳ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠪᠠᠯ᠂ 1 ᠵᠢᠯ ᠤᠨ ᠡᠮᠦᠨ᠎ᠡ ᠳᠡᠭᠡᠳᠦ ᠨᠢᠭᠡ ᠳᠡᠰ ᠤᠨ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠯᠲᠠ ᠳᠤ ᠣᠷᠣᠯᠴᠠᠵᠤ ᠪᠣᠯᠣᠨ᠎ᠠ᠃      ︵ᠳᠥᠷᠪᠡ︶ ᠨᠡᠶᠢᠲᠡ ᠶᠢᠨ ᠥᠮᠴᠢᠯᠡᠯ ᠤᠨ ᠪᠤᠰᠤ ᠬᠦᠷᠢᠶ᠎ᠡ ᠴᠠᠷᠠᠭᠠᠨ ᠳᠠᠬᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠳᠤ ᠮᠡᠷᠭᠡᠵᠢᠯ ᠤᠨ ᠴᠣᠯᠠ ᠣᠯᠭᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ      ᠨᠡᠶᠢᠲᠡ ᠶᠢᠨ ᠥᠮᠴᠢᠯᠡᠯ ᠤᠨ ᠪᠤᠰᠤ ᠬᠦᠷᠢᠶ᠎ᠡ ᠴᠠᠷᠠᠭᠠᠨ ᠳᠠᠬᠢ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠮᠡᠷᠭᠡᠵᠢᠯ ᠤᠨ ᠴᠣᠯᠠ ᠪᠠᠨ ᠱᠠᠲᠤ ᠳᠠᠷᠠᠭᠠᠯᠠᠨ ᠮᠡᠳᠡᠭᠦᠯᠬᠦ ᠱᠠᠭᠠᠷᠳᠠᠯᠭ᠎ᠠ ᠳᠤ ᠬᠢᠵᠠᠭᠠᠷᠯᠠᠭᠳᠠᠬᠤ ᠦᠭᠡᠢ ᠪᠠᠷ ᠵᠣᠬᠢᠬᠤ ᠲᠤᠰᠬᠠᠢ ᠮᠡᠷᠭᠡᠵᠢᠯ ᠤᠨ ᠴᠣᠯᠠ ᠪᠠᠨ ᠰᠢᠭᠤᠳ ᠮᠡᠳᠡᠭᠦᠯᠵᠦ ᠪᠣᠯᠣᠨ᠎ᠠ᠂ ᠡᠭᠦᠨ‌‍ᠳᠦ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠮᠥᠷᠲᠡᠭᠡᠨ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 5 ᠵᠢᠯ ᠪᠣᠯᠤᠭᠰᠠᠨ ᠪᠤᠶᠤ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠠᠴᠠ ᠲᠡᠭᠦᠰᠦᠭᠰᠡᠨ ᠮᠥᠷᠲᠡᠭᠡᠨ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 8 ᠵᠢᠯ ᠪᠣᠯᠤᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠨᠢ ᠵᠣᠬᠢᠬᠤ ᠠᠵᠢᠯ ᠤᠨ ᠪᠦᠲᠦᠮᠵᠢ ᠦᠷ᠎ᠡ ᠪᠦᠲᠦᠭᠡᠯ ᠤᠨ ᠨᠥᠬᠦᠴᠡᠯ ᠳᠤ ᠨᠡᠶᠢᠴᠡᠪᠡᠯ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠰᠢᠭᠤᠳ ᠮᠡᠳᠡᠭᠦᠯᠵᠦ ᠪᠣᠯᠣᠨ᠎ᠠ︔ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠮᠥᠷᠲᠡᠭᠡᠨ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 12 ᠵᠢᠯ ᠪᠣᠯᠤᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠵᠣᠬᠢᠬᠤ ᠠᠵᠢᠯ ᠤᠨ ᠪᠦᠲᠦᠮᠵᠢ ᠦᠷ᠎ᠡ ᠪᠦᠲᠦᠭᠡᠯ ᠤᠨ ᠨᠥᠬᠦᠴᠡᠯ ᠳᠤ ᠨᠡᠶᠢᠴᠡᠪᠡᠯ᠂ ᠰᠢᠭᠤᠳ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠭᠤᠶᠤᠴᠢᠯᠠᠵᠤ ᠪᠣᠯᠣᠨ᠎ᠠ ︵ᠰᠢᠯᠭᠠᠨ ᠦᠨᠡᠯᠡᠬᠦ ᠶᠢ ᠤᠶᠠᠯᠳᠤᠭᠤᠯᠤᠭᠰᠠᠨ ᠰᠢᠷᠢᠰ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠯᠲᠠ ᠳᠤ ᠣᠷᠣᠯᠴᠠᠪᠠᠯ᠂ ᠱᠠᠭᠠᠷᠳᠠᠯᠭ᠎ᠠ ᠶᠣᠰᠣᠭᠠᠷ ᠰᠢᠯᠭᠠᠯᠲᠠ ᠳᠤ ᠣᠷᠣᠯᠴᠠᠬᠤ ᠶᠢᠨ ᠬᠠᠮᠲᠤ ᠲᠣᠭᠲᠠᠭᠠᠭᠰᠠᠨ ᠬᠢᠷᠢ ᠲᠡᠩᠴᠡᠬᠦ ᠪᠠᠷᠢᠮᠵᠢᠶ᠎ᠠ ᠳᠤ ᠭᠦᠷᠪᠡᠯ ᠰᠠᠶ᠋ᠢ ᠬᠢᠨᠠᠨ ᠲᠣᠭᠲᠠᠭᠠᠯᠲᠠ ᠳᠤ ᠣᠷᠣᠯᠴᠠᠵᠤ ᠪᠣᠯᠣᠨ᠎ᠠ︶᠃ ᠨᠡᠶᠢᠲᠡ ᠶᠢᠨ ᠥᠮᠴᠢᠯᠡᠯ ᠤᠨ ᠪᠤᠰᠤ ᠬᠦᠷᠢᠶ᠎ᠡ ᠴᠠᠷᠠᠭᠠᠨ ᠳᠠᠬᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠦᠷᠬᠦᠯᠵᠢᠯᠡᠯ ᠰᠤᠷᠭᠠᠨ ᠬᠥᠮᠦᠵᠢᠯ ᠤᠨ ᠰᠤᠷᠤᠯᠴᠠᠯᠭ᠎ᠠ ᠳᠤ ᠣᠷᠣᠯᠴᠠᠬᠤ ᠶᠢ ᠵᠣᠷᠢᠭᠵᠢᠭᠤᠯᠵᠤ᠂ ᠲᠡᠭᠦᠨ ᠤ ᠦᠷᠬᠦᠯᠵᠢᠯᠡᠯ ᠰᠤᠷᠭᠠᠨ ᠬᠥᠮᠦᠵᠢᠯ ᠤᠨ ᠰᠤᠷᠤᠯᠴᠠᠯᠭ᠎ᠠ ᠶᠢ ᠮᠡᠷᠭᠡᠵᠢᠯ ᠤᠨ ᠴᠣᠯᠠ ᠬᠢᠨᠠᠨ ᠰᠢᠯᠭᠠᠷᠠᠭᠤᠯᠬᠤ ᠪᠠᠷ ᠮᠡᠳᠡᠭᠦᠯᠬᠦ ᠶᠢᠨ ᠬᠠᠲᠠᠭᠤ ᠱᠠᠭᠠᠷᠳᠠᠯᠭ᠎ᠠ ᠪᠣᠯᠭᠠᠬᠤ ᠦᠭᠡᠢ᠃      ︵ᠲᠠᠪᠤ︶ ᠮᠡᠷᠭᠡᠵᠢᠯ ᠤᠨ ᠴᠣᠯᠠ ᠶᠢᠨ ᠳᠦᠷᠢᠮ ᠬᠢᠭᠡᠳ ᠬᠥᠮᠥᠨ ᠬᠡᠷᠡᠭᠯᠡᠬᠦ ᠳᠦᠷᠢᠮ ᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ      1.ᠬᠥᠮᠥᠨ ᠬᠡᠷᠡᠭᠯᠡᠬᠦ ᠨᠢᠭᠡᠴᠡ ᠬᠥᠮᠥᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠪᠠᠨ ᠤᠶᠠᠯᠳᠤᠭᠤᠯᠤᠨ᠂ ᠮᠡᠷᠭᠡᠵᠢᠯ ᠤᠨ ᠴᠣᠯᠠ ᠶᠢᠨ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠵᠦᠢ ᠵᠣᠬᠢᠰᠲᠠᠢ ᠬᠡᠷᠡᠭᠯᠡᠬᠦ ︵ᠤᠷᠢᠨ ᠬᠡᠷᠡᠭᠯᠡᠬᠦ︶᠂ ᠮᠡᠷᠭᠡᠵᠢᠯ ᠤᠨ ᠴᠣᠯᠠ ᠶᠢᠨ ᠦᠨᠡᠯᠡᠯᠲᠡ ᠶᠢᠨ ᠦᠷ᠎ᠡ ᠳ᠋ᠦᠩ ᠢ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ‌ᠢ ᠤᠷᠢᠨ ᠬᠡᠷᠡᠭᠯᠡᠬᠦ᠂ ᠰᠢᠯᠭᠠᠨ ᠬᠢᠨᠠᠬᠤ᠂ ᠳᠡᠪᠰᠢᠭᠦᠯᠬᠦ ᠵᠡᠷᠭᠡ ᠬᠥᠮᠥᠨ ᠬᠡᠷᠡᠭᠯᠡᠬᠦ ᠳᠦᠷᠢᠮ ᠯᠦᠭᠡ ᠵᠣᠯᠭᠠᠭᠤᠯᠬᠤ ᠶᠢ ᠪᠡᠶᠡᠯᠡᠭᠦᠯᠦᠨ᠎ᠡ᠃ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠭᠰᠡᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠷᠳᠡᠮ ᠰᠢᠨᠵᠢᠯᠡᠭᠡᠨ ᠤ ᠮᠡᠷᠭᠡᠵᠢᠯ ᠤᠨ ᠬᠢᠷᠢ ᠬᠡᠮᠵᠢᠶ᠎ᠡ ᠬᠢᠭᠡᠳ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠯᠤᠭ᠎ᠠ ᠨᠢᠭᠲᠠ ᠬᠤᠯᠪᠣᠭ᠎ᠠ ᠲᠠᠢ ᠠᠵᠢᠯ ᠦᠢᠯᠡᠰ ᠤᠨ ᠨᠢᠭᠡᠴᠡ ᠳᠤ᠂ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠤᠨ ᠳᠣᠲᠣᠷ᠎ᠠ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠭᠠᠵᠠᠷ ᠣᠷᠣᠨ᠂ ᠰᠠᠯᠠᠭ᠎ᠠ ᠮᠥᠴᠢᠷ ︵ᠨᠢᠭᠡᠴᠡ︶ ᠤᠨ ᠴᠢᠳᠠᠪᠤᠷᠢᠲᠠᠨ ᠤ ᠡᠩᠨᠡᠭᠡ ᠶᠢᠨ ᠪᠦᠲᠦᠴᠡ ᠶᠢ ᠦᠨᠡᠨᠬᠦ ᠰᠢᠯᠢᠳᠡᠭᠵᠢᠭᠦᠯᠵᠦ᠂ ᠠᠵᠢᠯ ᠤᠨ ᠪᠠᠶᠢᠷᠢ ᠠᠴᠠ ᠳᠠᠪᠠᠭᠤᠯᠤᠨ ᠮᠡᠷᠭᠡᠵᠢᠯ ᠤᠨ ᠴᠣᠯᠠ ᠬᠢᠨᠠᠨ ᠰᠢᠯᠭᠠᠷᠠᠭᠤᠯᠬᠤ ᠪᠠᠷ ᠮᠡᠳᠡᠭᠦᠯᠬᠦ ᠴᠢᠬᠤᠯᠠᠲᠠᠢ ᠪᠣᠯ᠂ ᠡᠯ᠎ᠡ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠰᠠᠨᠠᠯ ᠢ ᠨᠢᠭᠡᠳᠦᠯᠲᠡᠢ ᠵᠥᠪᠳᠡᠯᠴᠡᠵᠦ᠂ ᠮᠡᠳᠡᠭᠦᠯᠬᠦ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠰᠠᠶᠢᠲᠤᠷ ᠬᠢᠨ᠎ᠡ᠃      2.ᠤᠯᠤᠰ ᠠᠴᠠ ᠠᠵᠢᠯ ᠦᠢᠯᠡᠰ ᠤᠨ ᠨᠢᠭᠡᠴᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠳᠡᠮᠵᠢᠨ ᠵᠣᠷᠢᠭᠵᠢᠭᠤᠯᠬᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠤᠨ ᠪᠠᠶᠢᠷᠢ  ᠠᠴᠠ ᠪᠠᠨ ᠰᠠᠯᠵᠤ ᠠᠵᠤ ᠠᠬᠤᠶᠢᠯᠠᠯ ᠡᠭᠦᠳᠦᠨ ᠪᠠᠶᠢᠭᠤᠯᠤᠭᠰᠠᠨ ᠬᠥᠮᠥᠰ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠳᠠᠭᠠᠨ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠶᠢ ᠵᠥᠪᠰᠢᠶᠡᠷᠡᠵᠦ᠂ ᠣᠯᠣᠭᠰᠠᠨ ᠮᠡᠷᠭᠡᠵᠢᠯ ᠤᠨ ᠴᠣᠯᠠ ᠪᠠᠷ ᠲᠡᠭᠦᠨ ᠤ ᠠᠵᠢᠯ ᠦᠢᠯᠡᠰ ᠤᠨ ᠨᠢᠭᠡᠴᠡ ᠳᠡᠭᠡᠨ ᠪᠤᠴᠠᠭᠰᠠᠨ ᠤ ᠳᠠᠷᠠᠭ᠎ᠠ ᠠᠵᠢᠯ ᠤᠨ ᠪᠠᠶᠢᠷᠢ ᠶᠢᠨ ᠥᠷᠢᠰᠦᠯᠳᠦᠭᠡᠨ ᠳᠤ ᠣᠷᠣᠯᠴᠠᠬᠤ᠂ ᠤᠷᠢᠵᠤ ᠬᠡᠷᠡᠭᠯᠡᠬᠦ ᠭᠡᠷ᠎ᠡ ᠶᠢ ᠳᠠᠭᠢᠵᠤ ᠲᠣᠭᠲᠠᠭᠠᠬᠤ ᠳᠤ ᠯᠠᠪᠯᠠᠯᠲᠠ ᠪᠣᠯᠭᠠᠵᠤ ᠪᠣᠯᠣᠨ᠎ᠠ᠃ ᠲᠤᠰᠢᠶᠠᠯ ᠬᠠᠪᠰᠤᠷᠭᠠᠨ  ᠰᠢᠨ᠎ᠡ ᠶᠢ ᠡᠭᠦᠳᠬᠦ᠂ ᠠᠵᠢᠯ ᠤᠨ ᠪᠠᠶᠢᠷᠢ ᠳᠡᠭᠡᠷ᠎ᠡ ᠪᠠᠨ ᠡᠭᠦᠳᠦᠨ ᠡᠷᠭᠢᠯᠡᠭᠰᠡᠨ ᠠᠵᠤ ᠠᠬᠤᠶᠢᠯᠠᠯ ᠤᠨ ᠠᠵᠢᠯᠲᠠᠨ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠯᠲᠠ ᠳᠤ ᠣᠷᠣᠯᠴᠠᠬᠤ ᠡᠷᠬᠡ ᠶᠢ ᠦᠷᠭᠦᠯᠵᠢᠯᠡᠨ ᠡᠳ᠋ᠯᠡᠵᠦ᠂ ᠲᠤᠰᠢᠶᠠᠯ ᠬᠠᠪᠰᠤᠷᠭᠠᠭᠰᠠᠨ ᠨᠢᠭᠡᠴᠡ ᠪᠤᠶᠤ ᠡᠭᠦᠳᠦᠨ ᠡᠷᠭᠢᠯᠡᠭᠰᠡᠨ ᠠᠵᠤ ᠠᠬᠤᠶᠢᠯᠠᠯ ᠳᠤ ᠮᠡᠷᠭᠡᠵᠢᠯ ᠤᠨ ᠴᠣᠯᠠ ᠪᠠᠨ ᠮᠡᠳᠡᠭᠦᠯᠵᠦ ᠪᠣᠯᠣᠨ᠎ᠠ᠃      ︵ᠵᠢᠷᠭᠤᠭ᠎ᠠ︶ ᠳᠡᠭᠡᠳᠦ ᠮᠡᠷᠭᠡᠵᠢᠯ ᠤᠨ ᠴᠢᠳᠠᠪᠤᠷᠢᠲᠠᠨ ᠬᠢᠭᠡᠳ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢ ᠤᠯᠠᠮ ᠨᠢᠭᠡ ᠠᠯᠬᠤᠮ ᠴᠢᠩᠭᠠᠳᠬᠠᠨ᠎ᠠ      ᠳᠡᠭᠡᠳᠦ ᠮᠡᠷᠭᠡᠵᠢᠯ ᠤᠨ ᠴᠢᠳᠠᠪᠤᠷᠢᠲᠠᠨ ᠢ ︽ᠳᠡᠭᠡᠳᠦ ᠮᠡᠷᠭᠡᠵᠢᠯ ᠤᠨ ᠴᠢᠳᠠᠪᠤᠷᠢᠲᠠᠨ ᠬᠢᠭᠡᠳ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ ᠮᠡᠷᠭᠡᠵᠢᠯ ᠤᠨ ᠬᠥᠭᠵᠢᠯᠲᠡ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠡᠷᠡᠭᠵᠢᠭᠦᠯᠬᠦ ᠰᠠᠨᠠᠯ ᠢ ᠤᠯᠠᠮᠵᠢᠯᠠᠨ ᠶᠠᠪᠤᠭᠤᠯᠬᠤ ᠮᠡᠳᠡᠭᠳᠡᠯ︾ ︵ᠥᠪᠥᠷ ᠬᠥᠮᠥᠨ ᠨᠡᠶᠢᠭᠡᠮ ᠲᠠᠷᠬᠠᠭᠠᠭᠰᠠᠨ ﹇2021﹈ 16 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ ᠮᠡᠷᠭᠡᠵᠢᠯ ᠤᠨ ᠴᠣᠯᠠ ᠰᠢᠯᠭᠠᠷᠠᠭᠤᠯᠬᠤ ᠪᠠᠷ ᠮᠡᠳᠡᠭᠦᠯᠬᠦ ᠬᠡᠷᠡᠭᠲᠡᠢ᠃      ︵ᠳᠣᠯᠤᠭ᠎ᠠ︶ ᠮᠡᠷᠭᠡᠵᠢᠯ ᠤᠨ ᠴᠣᠯᠠ ᠶᠢᠨ ᠳᠦᠷᠢᠮ ᠬᠢᠭᠡᠳ ᠠᠵᠢᠯ ᠮᠡᠷᠭᠡᠵᠢᠯ ᠤᠨ ᠬᠢᠷᠢ ᠬᠡᠮ ᠢ ᠪᠦᠲᠦᠮᠵᠢᠲᠡᠶ ᠵᠣᠯᠭᠠᠭᠤᠯᠬᠤ ᠬᠡᠷᠡᠭᠲᠡᠢ      ︽ᠬᠡᠰᠡᠭ ᠬᠦᠷᠢᠶ᠎ᠡ ᠴᠠᠷᠠᠭᠠᠨ ᠳᠤ ᠲᠤᠰᠬᠠᠢ ᠮᠡᠷᠭᠡᠵᠢᠯ ᠤᠨ ᠲᠥᠷᠥᠯ ᠤᠨ ᠠᠵᠢᠯ ᠮᠡᠷᠭᠡᠵᠢᠯ ᠤᠨ ᠬᠢᠷᠢ ᠬᠡᠮ ᠬᠢᠭᠡᠳ ᠮᠡᠷᠭᠡᠵᠢᠯ ᠤᠨ ᠴᠣᠯᠠ ᠶᠢᠨ ᠵᠣᠬᠢᠴᠠᠯᠳᠤᠬᠤ ᠬᠠᠷᠢᠴᠠᠭ᠎ᠠ ᠶᠢ ᠪᠠᠶᠢᠭᠤᠯᠬᠤ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠲᠠᠷᠬᠠᠭᠠᠭᠰᠠᠨ ﹇2019﹈ 20 ᠳ᠋ᠤᠭᠠᠷ ᠲᠣᠭᠠᠲᠤ︶ ᠵᠢᠴᠢ ︽ᠲᠤᠰᠬᠠᠢ ᠮᠡᠷᠭᠡᠵᠢᠯ ᠤᠨ ᠲᠥᠷᠥᠯ ᠤᠨ ᠠᠵᠢᠯ ᠮᠡᠷᠭᠡᠵᠢᠯ ᠤᠨ ᠬᠢᠷᠢ ᠬᠡᠮ ᠬᠢᠭᠡᠳ ᠮᠡᠷᠭᠡᠵᠢᠯ ᠤᠨ ᠴᠣᠯᠠ ᠶᠢᠨ ᠵᠣᠬᠢᠴᠠᠯᠳᠤᠬᠤ ᠬᠠᠷᠢᠴᠠᠭ᠎ᠠ ᠶᠢᠨ ᠬᠦᠰᠦᠨᠦᠭᠲᠦ︾ ᠶᠣᠰᠣᠭᠠᠷ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠵᠣᠬᠢᠴᠠᠩᠭᠤᠢ ᠲᠤᠰᠬᠠᠢ ᠮᠡᠷᠭᠡᠵᠢᠯ ᠤᠨ ᠲᠥᠷᠥᠯ ᠤᠨ ᠠᠵᠢᠯ ᠮᠡᠷᠭᠡᠵᠢᠯ ᠤᠨ ᠬᠢᠷᠢ ᠬᠡᠮ ᠢ ᠣᠯᠪᠠᠯ ᠳᠠᠷᠤᠢ ᠵᠣᠬᠢᠴᠠᠩᠭᠤᠢ ᠰᠢᠷᠢᠰ ᠪᠠ ᠲᠠᠰ ᠳᠠᠪᠬᠤᠷᠭ᠎ᠠ ᠶᠢᠨ ᠮᠡᠷᠭᠡᠵᠢᠯ ᠤᠨ ᠴᠣᠯᠠ ᠶᠢ ᠪᠦᠷᠢᠯᠳᠦᠭᠦᠯᠦᠭᠰᠡᠨ ᠢᠶᠠᠷ ᠮᠠᠭᠠᠳᠯᠠᠨ ᠲᠣᠭᠲᠠᠭᠠᠵᠤ ᠪᠣᠯᠣᠨ᠎ᠠ᠂ ᠬᠥᠮᠥᠨ ᠬᠡᠷᠡᠭᠯᠡᠬᠦ ᠨᠢᠭᠡᠴᠡ  ᠨᠢ ᠠᠵᠢᠯ ᠤᠨ ᠪᠠᠶᠢᠷᠢ ᠶᠢᠨ ᠬᠡᠷᠡᠭᠴᠡᠭᠡ ᠪᠠᠨ ᠦᠨᠳᠦᠰᠦᠯᠡᠨ ᠤᠷᠢᠨ ᠲᠣᠮᠢᠯᠠᠵᠤ ᠪᠣᠯᠬᠤ ᠪᠥᠭᠡᠳ ᠲᠡᠭᠦᠨ ᠢᠶᠠᠷ ᠳᠡᠭᠡᠳᠦ ᠨᠢᠭᠡ ᠳᠡᠰ ᠤᠨ ᠮᠡᠷᠭᠡᠵᠢᠯ ᠤᠨ ᠴᠣᠯᠠ ᠭᠤᠶᠤᠴᠢᠯᠠᠬᠤ ᠨᠥᠬᠦᠴᠡᠯ ᠪᠣᠯᠭᠠᠵᠤ ᠪᠣᠯᠣᠨ᠎ᠠ᠃      ︵ᠨᠠᠢᠮᠠ︶ ᠦᠷᠬᠦᠯᠵᠢᠯᠡᠯ ᠰᠤᠷᠭᠠᠨ ᠬᠦᠮᠦᠵᠢᠯ  ᠤᠨ ᠱᠠᠭᠠᠷᠳᠠᠯᠭ᠎ᠠ      ᠦᠷᠬᠦᠯᠵᠢᠯᠡᠯ ᠰᠤᠷᠭᠠᠨ ᠬᠦᠮᠦᠵᠢᠯ  ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ︽2024 ᠣᠨ ᠤ ᠪᠥᠬᠦ ᠣᠷᠣᠨ ᠤ ᠲᠤᠰᠬᠠᠢ ᠮᠡᠷᠭᠡᠵᠢᠯ ᠤᠨ ᠠᠵᠢᠯᠲᠠᠨ ᠤ ᠦᠷᠬᠦᠯᠵᠢᠯᠡᠯ ᠰᠤᠷᠭᠠᠨ ᠬᠦᠮᠦᠵᠢᠯ  ᠤᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2023﹈ 204 ᠳ᠋ᠦ᠋ᠭᠡᠷ ᠲᠣᠭᠠᠲᠤ︶ ᠤᠨ ᠶᠣᠰᠣᠭᠠᠷ ᠬᠡᠷᠡᠭᠵᠢᠭᠦᠯᠦᠨ᠎ᠡ᠃      ︵ᠶᠢᠰᠦ︶ ᠰᠢᠷᠢᠰ ᠰᠢᠯᠵᠢᠭᠦᠯᠦᠨ ᠬᠢᠨᠠᠨ ᠲᠣᠭᠲᠠᠭᠠᠬᠤ      ᠲᠤᠰᠬᠠᠢ ᠮᠡᠷᠭᠡᠵᠢᠯ ᠤᠨ ᠴᠢᠳᠠᠪᠤᠷᠢᠲᠠᠨ ᠠᠵᠢᠯ ᠤᠨ ᠪᠠᠶᠢᠷᠢ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠠᠵᠢᠯ ᠤᠨ ᠲᠤᠰᠬᠠᠢ ᠮᠡᠷᠭᠡᠵᠢᠯ ᠳᠤ ᠬᠤᠪᠢᠷᠠᠯᠲᠠ ᠭᠠᠷᠴᠤ᠂ ᠰᠢᠨ᠎ᠡ ᠮᠡᠷᠭᠡᠵᠢᠯ ᠤᠨ ᠴᠣᠯᠠ ᠶᠢᠨ ᠰᠢᠷᠢᠰ ︵ᠲᠤᠰᠬᠠᠢ ᠮᠡᠷᠭᠡᠵᠢᠯ︶ ᠢ ᠰᠢᠯᠵᠢᠭᠦᠯᠦᠨ ᠦᠨᠡᠯᠡᠬᠦ ᠴᠢᠬᠤᠯᠠ ᠲᠠᠢ ᠪᠣᠯ ᠡᠷᠬᠡᠪᠰᠢ ᠣᠲᠣ ᠶᠢᠨ ᠠᠵᠢᠯ ᠤᠨ ᠪᠠᠶᠢᠷᠢ ᠳᠠᠭᠠᠨ 1 ᠵᠢᠯ ᠠᠴᠠ ᠳᠡᠭᠡᠭᠰᠢ ᠲᠤᠰᠬᠠᠢ ᠮᠡᠷᠭᠡᠵᠢᠯ ᠤᠨ ᠠᠵᠢᠯ ᠬᠢᠵᠦ᠂ ᠵᠣᠬᠢᠬᠤ ᠰᠢᠷᠢᠰ ︵ᠲᠤᠰᠬᠠᠢ ᠮᠡᠷᠭᠡᠵᠢᠯ︶ ᠤᠨ ᠠᠳᠠᠯᠢ ᠲᠠᠰ ᠤᠨ ᠮᠡᠷᠭᠡᠵᠢᠯ ᠤᠨ ᠴᠣᠯᠠ ᠶᠢ ᠲᠣᠭᠲᠠᠭᠠᠯ ᠶᠣᠰᠣᠭᠠᠷ ᠭᠤᠶᠤᠴᠢᠯᠠᠨ ᠮᠡᠳᠡᠭᠦᠯᠵᠦ ᠬᠢᠨᠠᠨ ᠰᠢᠯᠭᠠᠷᠠᠭᠤᠯᠬᠤ ᠬᠡᠷᠡᠭᠲᠡᠢ᠃ ᠰᠢᠨ᠎ᠡ ᠮᠡᠷᠭᠡᠵᠢᠯ ᠤᠨ ᠴᠣᠯᠠ ᠣᠯᠣᠭᠰᠠᠨ ᠤ ᠳᠠᠷᠠᠭ᠎ᠠ᠂ ᠵᠣᠬᠢᠬᠤ ᠲᠤᠰᠬᠠᠢ ᠮᠡᠷᠭᠡᠵᠢᠯ ᠤᠨ ᠠᠵᠢᠯ ᠢ 1 ᠵᠢᠯ ᠠᠴᠠ ᠳᠡᠭᠡᠭᠰᠢ ᠬᠢᠬᠦ ᠶᠢᠨ ᠬᠠᠮᠲᠤ ᠬᠢᠨᠠᠨ ᠰᠢᠯᠭᠠᠷᠠᠭᠤᠯᠬᠤ ᠪᠠᠷ ᠮᠡᠳᠡᠭᠦᠯᠬᠦ ᠨᠥᠬᠦᠴᠡᠯ ᠳᠤ ᠨᠡᠶᠢᠴᠡᠪᠡᠯ᠂ ᠳᠡᠭᠡᠳᠦ ᠨᠢᠭᠡ ᠳᠡᠰ ᠤᠨ ᠮᠡᠷᠭᠡᠵᠢᠯ ᠤᠨ ᠴᠣᠯᠠ ᠬᠢᠨᠠᠨ ᠰᠢᠯᠭᠠᠷᠠᠭᠤᠯᠬᠤ ᠪᠠᠷ ᠮᠡᠳᠡᠭᠦᠯᠵᠦ ᠪᠣᠯᠣᠨ᠎ᠠ᠃ ᠰᠢᠷᠢᠰ ︵ᠲᠤᠰᠬᠠᠢ ᠮᠡᠷᠭᠡᠵᠢᠯ︶ ᠰᠢᠯᠵᠢᠭᠦᠯᠦᠭᠰᠡᠨ ᠠᠵᠢᠯᠲᠠᠨ ᠤ ᠬᠢᠷᠢ ᠬᠡᠮ ᠪᠠ ᠲᠤᠰᠢᠶᠠᠯ ᠡᠭᠦᠷᠭᠡᠯᠡᠭᠰᠡᠨ ᠵᠢᠯ ᠬᠤᠭᠤᠴᠠᠭ᠎ᠠ ᠶᠢ ᠤᠤᠯ ᠤᠨ ᠮᠡᠷᠭᠡᠵᠢᠯ ᠤᠨ ᠴᠣᠯᠠ ᠲᠠᠢ ᠨᠢ ᠦᠷᠭᠦᠯᠵᠢᠯᠡᠨ ᠪᠤᠳᠤᠵᠤ᠂ ᠬᠠᠮᠢᠶ᠎ᠠ ᠪᠦᠬᠦᠢ ᠠᠵᠢᠯ ᠤᠨ ᠠᠮᠵᠢᠯᠲᠠ ᠪᠦᠲᠦᠮᠵᠢ ᠶᠢᠨ ᠦᠷ᠎ᠡ ᠪᠦᠲᠦᠭᠡᠯ ᠢ ᠮᠡᠳᠡᠷᠡᠨ ᠵᠥᠪᠰᠢᠶᠡᠷᠡᠨ᠎ᠡ᠃      ᠲᠠᠪᠤ᠂ ᠪᠤᠰᠤᠳ ᠵᠦᠢᠯ      ︵ᠨᠢᠭᠡ︶ ᠮᠡᠷᠭᠡᠵᠢᠯ ᠤᠨ ᠴᠣᠯᠠ ᠶᠢᠨ ᠭᠠᠳᠠᠭᠠᠳᠤ ᠬᠡᠯᠡ ᠪᠠ ᠺᠣᠮᠫᠢᠦ᠋ᠲ᠋ᠧᠷ ᠤᠨ ᠬᠡᠷᠡᠭᠯᠡᠭᠡᠨ ᠤ ᠴᠢᠳᠠᠪᠤᠷᠢ ᠶᠢᠨ ᠱᠠᠭᠠᠷᠳᠠᠯᠭ᠎ᠠ      ᠮᠡᠷᠭᠡᠵᠢᠯ ᠤᠨ ᠴᠣᠯᠠ ᠶᠢᠨ ᠭᠠᠳᠠᠭᠠᠳᠤ ᠬᠡᠯᠡ ᠪᠠ ᠺᠣᠮᠫᠢᠦ᠋ᠲ᠋ᠧᠷ ᠤᠨ ᠬᠡᠷᠡᠭᠯᠡᠭᠡᠨ ᠤ ᠴᠢᠳᠠᠪᠤᠷᠢ ᠶᠢᠨ ᠰᠢᠯᠭᠠᠯᠲᠠ ᠶᠢ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠪᠣᠯᠭᠠᠬᠤ ᠦᠭᠡᠢ᠂ ᠨᠢᠭᠡᠨᠲᠡ ᠬᠠᠮᠢᠶ᠎ᠠ ᠪᠦᠬᠦᠢ ᠰᠢᠯᠭᠠᠯᠲᠠ ᠶᠢᠨ ᠬᠢᠷᠢ ᠪᠦᠲᠦᠮᠵᠢ ᠶᠢᠨ ᠬᠠᠭᠤᠳᠠᠰᠤ ᠶᠢ ᠣᠯᠣᠭᠰᠠᠨ ᠪᠠᠶᠢᠪᠠᠯ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠬᠠᠮᠲᠤ  ᠳᠤᠨᠢ ᠲᠤᠰᠢᠶᠠᠵᠤ᠂ ᠰᠢᠯᠭᠠᠷᠠᠭᠤᠯᠤᠨ ᠲᠣᠭᠲᠠᠭᠠᠬᠤ ᠶᠢᠨ ᠯᠠᠪᠯᠠᠬᠤ ᠦᠨᠳᠦᠰᠦᠯᠡᠯ ᠪᠣᠯᠭᠠᠵᠤ ᠪᠣᠯᠣᠨ᠎ᠠ᠃      ︵ᠬᠤᠶᠠᠷ︶ ᠪᠤᠰᠤᠳ ᠵᠢᠭᠰᠠᠭᠠᠭᠰᠠᠨ ᠦᠭᠡᠢ ᠵᠦᠢᠯᠡᠰ ᠵᠢᠴᠢ ᠬᠠᠮᠢᠶ᠎ᠠ ᠪᠦᠬᠦᠢ ᠱᠠᠭᠠᠷᠳᠠᠯᠭ᠎ᠠ      ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2024﹈ 85 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠶᠣᠰᠣᠭᠠᠷ ᠨᠢᠭᠡᠳᠦᠯᠲᠡᠢ ᠬᠡᠷᠡᠭᠵᠢᠭᠦᠯᠬᠦ ᠬᠡᠷᠡᠭᠲᠡᠢ᠃      ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ      ᠬᠠᠷᠢᠯᠴᠠᠬᠤ ᠬᠥᠮᠥᠨ᠄ ᠯᠢᠦᠢ ᠮᠢᠩ ᠵᠢᠦᠢ      ᠬᠠᠷᠢᠯᠴᠠᠬᠤ ᠤᠲᠠᠰᠤ᠄ 0471-6652153                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                       2024 ᠣᠨ ᠤ 5 ᠰᠠᠷ᠎ᠠ ᠶᠢᠨ 23 ᠤ ᠡᠳᠦᠷ       ᠳᠠᠭᠠᠯᠳᠤᠭᠤᠯᠤᠯ᠄ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠨᠥᠬᠦᠴᠡᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号