ᠪᠠᠭᠠᠷᠢᠨ ᠪᠠᠷᠠᠭᠤᠨ ᠬᠤᠰᠢᠭᠤ ᠣᠳᠣᠬᠢᠴᠢᠯᠠᠭᠰᠠᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2024/5/23
      ᠪᠠᠭᠠᠷᠢᠨ ᠪᠠᠷᠠᠭᠤᠨ ᠬᠤᠰᠢᠭᠤ ᠤᠯᠠᠮᠵᠢᠯᠠᠯᠲᠤ ᠮᠠᠯ ᠠᠵᠤ ᠠᠬᠤᠢ ᠲᠠᠷᠢᠶᠠᠯᠠᠩ ᠤᠨ ᠲᠣᠮᠣ ᠬᠤᠰᠢᠭᠤ ᠪᠣᠯᠤᠭᠰᠠᠨ ᠤ ᠬᠤᠪᠢ ᠳᠤ᠂ ᠣᠯᠠᠨ ᠵᠢᠯ ᠳᠠᠷᠠᠭᠠᠯᠠᠨ ᠤᠯᠤᠰ ᠤᠨ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ ᠤ ᠡᠩᠨᠡᠭᠡᠨ ᠳᠤ ᠣᠷᠣᠵᠤ᠂ ︽ᠪᠠᠭᠠᠷᠢᠨ ᠤ ᠬᠤᠨᠢᠨ ᠮᠢᠬ᠎ᠠ︾᠂ ︽ᠪᠠᠭᠠᠷᠢᠨ ᠤ ᠦᠬᠡᠷ ᠤᠨ ᠮᠢᠬ᠎ᠠ︾᠂ ︽ᠪᠠᠭᠠᠷᠢᠨ ᠤ ᠲᠤᠲᠤᠷᠭ᠎ᠠ︾ ᠪᠦᠭᠦ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠷᠬᠡᠶᠢᠯᠡᠯᠲᠦ ᠪᠦᠲᠦᠭᠡᠭᠳᠡᠬᠦᠨ ᠪᠣᠯᠵᠤ᠂ ︽ᠳ᠋ᠠᠪᠠᠨ ᠤ ᠠᠮᠲᠠᠲᠤ ᠬᠡᠮᠬᠡ︾᠂ ︽ᠪᠠᠭᠠᠷᠢᠨ ᠪᠠᠷᠠᠭᠤᠨ ᠬᠤᠰᠢᠭᠤᠨ ᠤ ᠬᠤᠷᠤᠳ︾᠂ ︽ᠪᠠᠭᠠᠷᠢᠨ ᠪᠠᠷᠠᠭᠤᠨ ᠬᠤᠰᠢᠭᠤᠨ ᠤ ᠬᠠᠭᠤᠷᠤᠭᠰᠠᠨ ᠪᠤᠳᠠᠭ᠎ᠠ︾᠂ ︽ᠪᠠᠭᠠᠷᠢᠨ ᠪᠠᠷᠠᠭᠤᠨ ᠬᠤᠰᠢᠭᠤᠨ ᠤ ᠠᠮᠲᠠᠲᠤ ᠡᠷᠳᠡᠨᠢ ᠰᠢᠰᠢ︾᠂ ︽ᠪᠠᠭᠠᠷᠢᠨ ᠲᠤᠲᠤᠷᠭ᠎ᠠ︾ ᠵᠡᠷᠭᠡ 8 ᠪᠦᠲᠦᠭᠡᠭᠳᠡᠬᠦᠨ ᠨᠢ ᠪᠦᠭᠦ ᠤᠯᠤᠰ ᠤᠨ ᠨᠠᠷᠠᠲᠠᠢ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠵᠢᠭᠰᠠᠭᠠᠭᠳᠠᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠨᠢ ᠢᠯᠡᠳᠲᠡ ᠳᠡᠭᠡᠭᠰᠢᠯᠡᠭᠰᠡᠨ ᠪᠠᠶᠢᠨ᠎ᠠ᠃      ᠴᠠᠭᠠᠨᠨᠠᠭᠤᠷ ᠪᠠᠯᠭᠠᠰᠤᠨ ᠤ ᠡᠯ ᠪᠠ ᠳ᠋ᠢ ᠲᠣᠰᠬᠤᠨ ᠤ ᠲᠤᠭᠤᠷ ᠤᠨ ᠬᠦᠯᠡᠮᠵᠢᠨ ᠳᠤ ᠰᠠᠯᠠᠭ᠎ᠠ ᠨᠠᠮᠠᠭ᠎ᠠ ᠨᠢ ᠳᠠᠭᠠᠭᠠᠵᠤ ᠶᠠᠳᠠᠲᠠᠯ᠎ᠠ ᠲᠤᠭᠤᠷ ᠰᠠᠭᠤᠭᠰᠠᠨ ᠪᠠᠶᠢᠯ᠎ᠠ᠃ ᠬᠦᠯᠡᠮᠵᠢ ᠶᠢᠨ ᠡᠵᠡᠨ ᠱᠠᠩ ᠸᠠᠨ ᠹᠦ᠋ ᠬᠦᠯᠡᠮᠵᠢᠨ ᠳᠡᠭᠡᠨ ᠶᠠᠭᠠᠷᠠᠯᠲᠠᠢ ᠠᠵᠢᠯᠯᠠᠬᠤ ᠵᠠᠭᠤᠷ᠎ᠠ᠄ ︽ᠡᠨᠡ ᠪᠦᠯᠦᠭ ᠲᠤᠭᠤᠷ ᠢ 5 ᠰᠠᠷ᠎ᠠ ᠶᠢᠨ ᠡᠬᠢ ᠪᠠᠷ ᠵᠠᠬ᠎ᠠ ᠳᠡᠯᠭᠡᠭᠦᠷ ᠲᠤ ᠭᠠᠷᠭᠠᠨ᠎ᠠ᠂ ᠲᠦᠷᠦᠭᠦᠦ ᠵᠢᠯ ᠳᠡᠭᠡᠨ ᠵᠢᠮᠢᠰ ᠤᠨ ᠬᠤᠷᠢᠶᠠᠯᠲᠠ ᠪᠠᠷᠤᠭ 1000 ᠵᠢᠩ ᠣᠷᠴᠢᠮ ᠭᠦᠷᠦᠨ᠎ᠡ︾ ᠭᠡᠵᠦ ᠪᠠᠶᠢᠯ᠎ᠠ᠃ 2023 ᠣᠨ ᠳᠤ ᠱᠠᠩ ᠸᠠᠨ ᠹᠦ᠋ ᠠᠮᠲᠠᠲᠤ ᠬᠡᠮᠬᠡ᠂ ᠲᠥᠪᠡᠳ ᠬᠠᠰᠢ ᠲᠠᠷᠢᠬᠤ ᠶᠢᠨ ᠬᠠᠮᠲᠤ ᠾᠧᠪᠧᠢ ᠮᠤᠵᠢ ᠶᠢᠨ ᠲᠠᠩᠱᠠᠨ ᠬᠤᠳᠠ ᠠᠴᠠ ᠤᠯᠠᠭᠠᠨ ᠲᠤᠭᠤᠷ ᠤᠨ ᠴᠢᠬᠢ ᠮᠣᠳᠣ ᠶᠢ ᠣᠷᠣᠭᠤᠯᠤᠨ ᠠᠪᠴᠢᠷᠠᠵᠠᠢ᠃ ᠣᠶᠢᠯᠠᠭᠠᠭᠰᠠᠨ ᠢᠶᠠᠷ᠂ ᠤᠯᠠᠭᠠᠨ ᠲᠤᠭᠤᠷ ᠤᠨ ᠴᠢᠬᠢ ᠮᠣᠳᠣ ᠨᠢ ᠵᠢᠯ ᠭᠠᠷᠤᠢ ᠶᠢᠨ ᠬᠤᠭᠤᠴᠠᠭᠠᠨ ᠳᠤ ᠵᠢᠮᠢᠰᠯᠡᠵᠦ᠂ ᠡᠬᠢᠨ ᠤ ᠵᠢᠯ ᠳᠡᠭᠡᠨ ᠮᠦ ᠪᠦᠷᠢ ᠶᠢᠨ ᠬᠤᠷᠢᠶᠠᠯᠲᠠ ᠨᠢ 1000 ᠵᠢᠩ ᠣᠷᠴᠢᠮ ᠪᠠᠶᠢᠵᠤ᠂ ᠳᠠᠷᠠᠭ᠎ᠠ ᠵᠢᠯ ᠠᠴᠠ ᠨᠢ ᠮᠦ ᠪᠦᠷᠢ ᠶᠢᠨ ᠬᠤᠷᠢᠶᠠᠯᠲᠠ ᠨᠢ 2000 ᠵᠢᠩ ᠣᠷᠴᠢᠮ ᠳᠤ ᠬᠦᠷᠴᠦ᠂ ᠮᠦ ᠪᠦᠷᠢ ᠶᠢᠨ ᠬᠤᠷᠢᠶᠠᠯᠲᠠ ᠨᠢ 4000 ᠵᠢᠩ ᠠᠴᠠ 5000 ᠵᠢᠩ ᠬᠦᠷᠬᠦ ᠪᠣᠯᠣᠨ᠎ᠠ᠃      ᠵᠢᠷᠭᠠᠯ ᠤᠨ ᠵᠠᠮ ᠰᠤᠮᠤ ᠶᠢᠨ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠬᠦᠷᠬᠦ ᠳᠤ᠂ ᠲᠠᠷᠢᠮᠠᠯ ᠤᠨ ᠡᠷᠦᠭᠡ ᠷᠦᠩ ᠯᠢᠶᠠᠨ ᠯᠢ ᠶᠢᠨ ᠬᠢᠨ ᠤ 3 ᠬᠦᠯᠡᠮᠵᠢ ᠳᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠢᠩᠲᠣᠣᠷ ᠡᠯᠪᠡᠭ ᠬᠤᠷᠢᠶᠠᠯᠲᠠ ᠣᠯᠣᠭᠰᠠᠨ ᠨᠢ ᠢᠯᠡᠭᠡᠨ ᠪᠠᠶᠢᠯ᠎ᠠ᠃ ᠬᠦᠯᠡᠮᠵᠢᠨ ᠳᠣᠲᠣᠷ᠎ᠠ ᠳᠤᠰᠤᠯᠭᠠᠨ ᠤᠰᠤᠯᠠᠬᠤ᠂ ᠰᠦᠷᠴᠢᠨ ᠤᠰᠤᠯᠠᠬᠤ ᠲᠥᠬᠦᠭᠡᠷᠦᠮᠵᠢ ᠪᠦᠷᠢᠨ ᠪᠠᠶᠢᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠠᠷᠠᠴᠢᠯᠠᠵᠤ᠂ ᠬᠦᠯᠡᠮᠵᠢᠨ ᠳᠣᠲᠣᠷ᠎ᠠ ᠪᠠᠰᠠ ᠳᠤᠯᠠᠭᠠᠨ ᠤ ᠬᠡᠮᠵᠢᠶ᠎ᠡ ᠶᠢ ᠣᠨᠣᠪᠴᠢᠲᠠᠶ ᠡᠵᠡᠮᠳᠡᠬᠦ ᠲᠥᠬᠦᠭᠡᠷᠦᠮᠵᠢ ᠳᠠᠭᠠᠷᠠᠭᠤᠯᠤᠬᠰᠠᠨ ᠪᠠᠶᠢᠨ᠎ᠠ᠃ ︽ᠬᠦᠯᠡᠮᠵᠢ ᠶᠢᠨ ᠠᠭᠠᠷ ᠤᠨ ᠳᠤᠯᠠᠭᠠᠨ᠂ ᠴᠢᠭᠢᠭ ᠤᠨ ᠬᠡᠮᠵᠢᠶ᠎ᠡ ᠶᠢ ᠰᠠᠶᠢᠲᠤᠷ ᠡᠵᠡᠮᠰᠢᠵᠦ ᠪᠠᠶᠢᠬᠤ ᠪᠣᠯᠬᠤᠷ ᠠᠷᠠᠴᠢᠯᠠᠬᠤ ᠳᠤ ᠲᠣᠩ ᠳᠥᠭᠦᠮ ᠠ᠋︾ ᠭᠡᠵᠦ ᠷᠦᠩ ᠯᠢᠶᠠᠨ ᠯᠢ ᠶᠠᠷᠢᠵᠤ ᠪᠠᠶᠢᠪᠠ᠃ ᠣᠶᠤᠨᠴᠢ ᠳᠤᠯᠠᠭᠠᠨ ᠤ ᠡᠵᠡᠮᠳᠡᠭᠦᠷ᠂ ᠳᠤᠰᠤᠯᠭᠠᠨ ᠤᠰᠤᠯᠠᠬᠤ ᠲᠥᠬᠦᠭᠡᠷᠦᠮᠵᠢ ᠵᠡᠷᠭᠡ ᠮᠡᠷᠭᠡᠵᠢᠯ ᠲᠠᠢ ᠪᠣᠯᠤᠭᠰᠠᠨ ᠠᠴᠠ ᠭᠡᠷᠡᠯ ᠢᠯᠴᠢ ᠶᠢ ᠶᠡᠬᠡᠪᠡᠷ ᠬᠡᠷᠡᠭᠰᠡᠳᠡᠭ ᠵᠢᠮᠢᠰ ᠨᠣᠭᠤᠭ᠎ᠠ ᠴᠤ ᠭᠡᠰᠡᠨ ᠡᠪᠦᠯ ᠤᠨ ᠤᠯᠠᠷᠢᠯ ᠳᠤ ᠬᠡᠪ ᠤᠨ ᠪᠠᠶᠢᠳᠠᠯ ᠢᠶᠠᠷ ᠤᠷᠭᠤᠳᠠᠭ ᠪᠣᠯᠵᠠᠢ᠃ ᠡᠨᠡ ᠬᠡᠳᠦᠨ ᠵᠢᠯ᠂ ᠪᠠᠭᠠᠷᠢᠨ ᠪᠠᠷᠠᠭᠤᠨ ᠬᠤᠰᠢᠭᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠡᠮᠵᠢᠨ᠂ ᠲᠥᠬᠦᠭᠡᠷᠦᠮᠵᠢᠲᠦ ᠢᠩᠲᠣᠣᠷ᠂ ᠭᠦᠵᠡᠯᠵᠡᠭᠡᠨ᠎ᠡ᠂ ᠦᠵᠦᠮ ᠵᠡᠷᠭᠡ ᠶᠢ ᠳᠠᠷᠢᠬᠤ ᠮᠡᠷᠭᠡᠵᠢᠯ ᠢ ᠣᠷᠣᠭᠤᠯᠤᠨ ᠠᠪᠴᠢᠷᠠᠵᠤ᠂ ᠲᠤᠷᠰᠢᠨ ᠳᠠᠷᠢᠭᠠᠳ ᠠᠮᠵᠢᠯᠲᠠ ᠣᠯᠵᠤ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠭᠰᠡᠨ ᠢᠶᠠᠷ ᠪᠠᠷᠠᠬᠤ ᠦᠭᠡᠢ᠂ ᠪᠠᠰᠠ ᠣᠯᠠᠨ ᠲᠦᠮᠡᠨ ᠤ ᠤᠷᠤᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃ 
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号