ᠺᠠᠶᠢᠯᠤ ᠰᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠯᠠᠭᠠᠨ ᠯᠠᠵᠤᠤ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/5/23
      ᠺᠠᠶᠢᠯᠤ ᠰᠢᠶᠠᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠴᠢᠬᠢ ᠪᠣᠶᠢᠵᠢᠭᠤᠯᠬᠤ ᠬᠦᠯᠡᠮᠵᠢ ᠳᠤ᠂ ᠠᠵᠢᠯᠲᠠᠳ ᠶᠠᠭ ᠰᠠᠶᠢᠬᠠᠨ ᠯᠠᠵᠤᠤ ᠶᠢᠨ ᠴᠢᠬᠢ ᠶᠢ ᠰᠠᠯᠭᠠᠵᠤ᠂ ᠬᠥᠮᠥᠨ ᠤ ᠬᠦᠴᠦ ᠪᠠᠷ ᠡᠪᠡᠰᠦ ᠠᠷᠢᠯᠭᠠᠨ᠂ ᠴᠢᠬᠢ ᠶᠢᠨ ᠪᠠᠶᠢᠳᠠᠯ ᠢ ᠲᠡᠮᠳᠡᠭᠯᠡᠵᠦ᠂ ᠬᠦᠯᠡᠮᠵᠢ ᠶᠢᠨ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ᠂ ᠭᠡᠷᠡᠯ ᠤᠨ ᠲᠤᠰᠤᠯᠲᠠ ᠵᠡᠷᠭᠡ ᠨᠥᠬᠦᠴᠡᠯ ᠢ ᠲᠣᠬᠢᠷᠠᠭᠤᠯᠵᠤ ᠡᠵᠡᠮᠳᠡᠨ᠂ ᠨᠢᠯᠬ᠎ᠠ ᠴᠢᠬᠢ ᠨᠢᠭᠡᠪᠦᠷᠢ ᠶᠢ ᠨᠢᠮᠪᠠᠢ ᠬᠠᠮᠠᠭᠠᠯᠠᠵᠤ᠂ ᠯᠠᠵᠤᠤ ᠶᠢᠨ ᠶᠠᠰᠤ ᠴᠢᠨᠠᠷ ᠪᠣᠯᠣᠨ ᠤᠨᠠᠯᠲᠠ ᠶᠢ ᠳᠡᠭᠡᠭᠰᠢᠯᠡᠭᠦᠯᠭᠦ ᠳᠤ ᠰᠢᠨᠵᠢᠯᠡᠬᠦ ᠤᠬᠠᠭᠠᠨ ᠤ ᠰᠠᠭᠤᠷᠢ ᠶᠢ ᠲᠠᠯᠪᠢᠵᠤ ᠪᠠᠶᠢᠯ᠎ᠠ᠃      ︽ᠣᠳᠣᠬᠠᠨ ᠳᠤ ᠤᠯᠠᠭᠠᠨ ᠯᠠᠵᠤᠤ ᠶᠢᠨ ᠴᠢᠬᠢ ᠳᠥᠷᠪᠡ ᠨᠠᠪᠴᠢᠯᠠᠬᠤ ᠬᠤᠭᠤᠴᠠᠭᠠᠨ ᠳᠤ ᠣᠷᠣᠵᠤ᠂ ᠡᠨᠡ ᠬᠤᠭᠤᠴᠠᠭᠠᠨ ᠤ ᠭᠤᠣᠯ ᠠᠵᠢᠯ ᠪᠣᠯ ᠳᠠᠷᠤᠢ ᠬᠦᠯᠡᠮᠵᠢ ᠶᠢᠨ ᠳᠡᠭᠡᠷᠡᠬᠢ ᠪᠠ ᠳᠣᠣᠷᠠᠬᠢ ᠰᠠᠯᠬᠢ ᠨᠡᠪᠲᠡᠷᠡᠭᠦᠯᠬᠦ ᠠᠮᠠᠰᠠᠷ ᠢ ᠨᠡᠭᠡᠭᠡᠵᠦ ᠴᠢᠬᠢ ᠶᠢ ᠣᠷᠴᠢᠨ ᠲᠣᠭᠤᠷᠢᠨ ᠳᠤ ᠵᠣᠬᠢᠴᠠᠭᠤᠯᠬᠤ ᠪᠠᠷ ᠳᠠᠮᠵᠢᠨ᠂ ᠲᠡᠭᠦᠨ ᠢ ᠵᠣᠬᠢᠬᠤ ᠬᠡᠮᠵᠢᠶᠡᠨ ᠤ ᠬᠤᠪᠢᠷᠠᠯᠲᠠ ᠳᠤ ᠲᠡᠰᠪᠦᠷᠢᠯᠡᠬᠦ ᠴᠢᠳᠠᠪᠤᠷᠢ ᠲᠠᠢ ᠪᠣᠯᠭᠠᠨ᠎ᠠ︾ ᠭᠡᠵᠦ ᠺᠠᠶᠢᠯᠤ ᠰᠢᠶᠠᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠲᠠᠷᠢᠶᠠᠯᠠᠩ ᠤᠨ ᠮᠡᠷᠭᠡᠵᠢᠯᠲᠡᠨ ᠸᠠᠩ ᠵᠧᠨ ᠲᠠᠨᠢᠯᠴᠠᠭᠤᠯᠤᠨ᠎ᠠ᠃ ᠲᠡᠷᠡ ᠪᠠᠰᠠ ᠡᠳᠦᠷ ᠪᠦᠷᠢ ᠤᠰᠤᠯᠠᠬᠤ ᠳᠠᠭᠠᠨ ᠠᠮᠢᠨᠤ᠋ ᠬᠦᠴᠢᠯ᠂ ᠨᠠᠪᠴᠢᠨ ᠤ ᠪᠣᠷᠳᠣᠭᠤᠷ ᠵᠡᠷᠭᠡ ᠶᠢ ᠬᠠᠪᠰᠤᠷᠭᠠᠨ ᠣᠷᠣᠭᠤᠯᠵᠤ᠂ ᠨᠢᠯᠬ᠎ᠠ ᠴᠢᠬᠢ ᠳᠤ ᠰᠢᠮ᠎ᠡ ᠲᠡᠵᠢᠭᠡᠯ ᠨᠥᠬᠦᠪᠦᠷᠢᠯᠡᠨ᠂ 5 ᠰᠠᠷ᠎ᠠ ᠶᠢᠨ 15 ᠤ ᠡᠳᠦᠷ ᠤᠨ ᠣᠷᠴᠢᠮ ᠢᠶᠠᠷ ᠲᠠᠷᠢᠶᠠᠨ  ᠳᠤ ᠰᠢᠯᠵᠢᠭᠦᠯᠦᠨ ᠵᠠᠶᠢᠯᠠᠬᠤ ᠦᠶ᠎ᠡ ᠳᠤ 15 ᠰᠠᠨᠲ᠋ᠢᠮᠧᠲᠷ ᠥᠨᠳᠥᠷ ᠪᠠᠶᠢᠬᠤ ᠶᠢ ᠪᠠᠲᠤᠯᠠᠵᠤ᠂ ᠴᠢᠬᠢ ᠶᠢ ᠲᠡᠭᠰᠢ᠂ ᠥᠨᠳᠥᠷ ᠮᠥᠷᠲᠡᠭᠡᠨ ᠢᠳᠡᠷᠡᠭᠦᠨ ᠪᠠᠶᠢᠯᠭᠠᠬᠤ ᠪᠠᠷᠢᠮᠵᠢᠶ᠎ᠠ ᠳᠤ ᠬᠦᠷᠭᠡᠨ᠎ᠡ ᠭᠡᠵᠦ ᠬᠡᠯᠡᠵᠦ ᠪᠠᠶᠢᠯ᠎ᠠ᠃      ᠴᠢᠬᠢ ᠪᠣᠶᠢᠵᠢᠭᠤᠯᠬᠤ ᠬᠦᠯᠡᠮᠵᠢ ᠳᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠴᠢᠬᠢ ᠪᠣᠶᠢᠵᠢᠭᠤᠯᠬᠤ ᠬᠤᠭᠤᠴᠠᠭᠠᠨ ᠤ ᠬᠠᠮᠢᠶᠠᠷᠤᠯᠲᠠ ᠪᠠᠨ ᠴᠢᠩᠭᠠᠳᠬᠠᠵᠤ ᠶᠠᠭᠠᠷᠠᠤ ᠭᠡᠬᠦ ᠳᠤ᠂ ᠤᠯᠠᠭᠠᠨ ᠯᠠᠵᠤᠤ ᠲᠠᠷᠢᠬᠤ ᠲᠠᠷᠢᠶᠠᠴᠢᠳ ᠴᠤ ᠲᠠᠷᠢᠶᠠᠨ ᠳᠠᠭᠠᠨ ᠨᠤᠲᠤᠭ ᠤᠨ ᠪᠣᠷᠳᠣᠭᠤᠷ ᠣᠷᠣᠭᠤᠯᠵᠤ ᠡᠯᠪᠡᠭ ᠬᠤᠷᠢᠶᠠᠯᠲᠠ ᠣᠯᠬᠤ ᠳᠤ ᠰᠠᠭᠤᠷᠢ ᠲᠠᠯᠪᠢᠵᠤ ᠪᠠᠶᠢᠯ᠎ᠠ᠃ ᠳ᠋ᠠ ᠢᠦᠢ ᠱᠸ ᠪᠠᠯᠭᠠᠰᠤᠨ ᠤ ᠹᠦ᠋ ᠶᠧᠦ ᠲᠣᠰᠬᠤᠨ ᠳᠤ ᠪᠠᠶᠢᠷᠢᠯᠠᠭ᠎ᠠ ᠺᠠᠶᠢᠯᠤ ᠰᠢᠶᠠᠨ ᠤ ᠬᠤᠩ ᠶᠤᠸᠠᠨ ᠲᠠᠷᠢᠮᠠᠯ ᠤᠨ ᠲᠤᠰᠬᠠᠢ ᠬᠤᠷᠰᠢᠶ᠎ᠠ ᠶᠢᠨ 500 ᠮᠦ ᠤᠯᠠᠭᠠᠨ ᠯᠠᠵᠤᠤ ᠶᠢᠨ ᠲᠠᠷᠢᠮᠠᠯ ᠤᠨ ᠰᠠᠭᠤᠷᠢᠨ ᠳᠤ᠂ ᠬᠤᠷᠰᠢᠶ᠎ᠠ ᠶᠢᠨ ᠬᠠᠷᠢᠭᠤᠴᠠᠯᠭᠠᠲᠠᠨ ᠵᠧᠦ ᠰᠢᠶᠣᠣ ᠹᠧᠩ ᠶᠠᠭ ᠠᠴᠢᠶᠠᠨ ᠤ ᠮᠠᠰᠢᠨ ᠢᠶᠠᠷ ᠨᠤᠲᠤᠭ ᠤᠨ ᠪᠣᠷᠳᠣᠭᠤᠷ ᠢ ᠶᠠᠭᠠᠷᠠᠯᠲᠠᠢ ᠲᠡᠭᠡᠭᠡᠪᠦᠷᠢᠯᠡᠨ᠎ᠡ᠃ ᠵᠧᠦ ᠰᠢᠶᠣᠣ ᠹᠧᠩ᠄ ︽ᠡᠨᠡ ᠵᠢᠯ ᠬᠤᠷᠰᠢᠶ᠎ᠠ ᠠᠴᠠ 15 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ ᠲᠠᠷᠢᠶᠠᠴᠢᠨ ᠠᠶᠢᠯ ᠠᠴᠠ ᠨᠤᠲᠤᠭ ᠤᠨ ᠪᠣᠷᠳᠣᠭᠤᠷ ᠬᠤᠳᠠᠯᠳᠤᠨ ᠠᠪᠴᠤ᠂ ᠤᠯᠠᠭᠠᠨ ᠯᠠᠵᠤᠤ ᠶᠢᠨ ᠠᠵᠤ ᠦᠢᠯᠡᠰ ᠤᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ ᠪᠤᠢ︾ ᠭᠡᠵᠦ ᠬᠡᠯᠡᠨ᠎ᠡ᠃      ᠺᠠᠶᠢᠯᠤ ᠰᠢᠶᠠᠨ ᠤᠯᠠᠭᠠᠨ ᠯᠠᠵᠤᠤ ᠳᠠᠷᠢᠭᠰᠠᠨ 60 ᠭᠠᠷᠤᠢ ᠵᠢᠯ ᠤᠨ ᠲᠡᠦᠬᠡ ᠲᠠᠢ ᠪᠠᠶᠢᠵᠤ᠂ ᠤᠷᠢᠳ ᠬᠤᠵᠢᠳ ᠳᠤᠮᠳᠠᠳᠤ ᠤᠯᠤᠰ ᠤᠨ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ᠂ ᠤᠯᠤᠰ ᠤᠨ ᠲᠡᠰ ᠤᠨ ᠭᠠᠳᠠᠭᠠᠳᠤ ᠳᠤ ᠭᠠᠷᠭᠠᠬᠤ ᠤᠯᠠᠭᠠᠨ ᠯᠠᠵᠤᠤ ᠶᠢᠨ ᠶᠠᠰᠤ ᠴᠢᠨᠠᠷ ᠤᠨ ᠠᠮᠤᠷ ᠲᠦᠪᠰᠢᠨ ᠤ ᠵᠢᠱᠢᠶ᠎ᠡ ᠦᠵᠡᠭᠦᠯᠭᠦ ᠣᠷᠣᠨ᠂ ᠪᠦᠭᠦ ᠤᠯᠤᠰ ᠤᠨ ᠯᠠᠵᠤᠤ ᠶᠢᠨ ᠠᠵᠤ ᠦᠢᠯᠡᠰ ᠤᠨ ᠠᠷᠪᠠᠨ ᠬᠦᠴᠦᠷᠬᠡᠭ ᠰᠢᠶᠠᠨ  ᠢᠶᠠᠷ ᠦᠨᠡᠯᠡᠭᠳᠡᠨ᠂ ᠤᠯᠠᠭᠠᠨ ᠯᠠᠵᠤᠤ ᠶᠢᠨ ᠣᠷᠣᠨ ᠨᠤᠲᠤᠭ ᠤᠨ ᠪᠠᠷᠢᠮᠵᠢᠶᠠᠲᠤ ᠰᠢᠰᠲ᠋ᠧᠮ᠂ ᠠᠮᠢ ᠠᠬᠤᠢ ᠶᠢᠨ ᠤᠭ ᠭᠠᠷᠤᠯᠲᠠ ᠶᠢᠨ ᠣᠷᠣᠨ ᠪᠠ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ ᠤ ︽ᠬᠤᠣᠰ ᠭᠡᠷᠡᠴᠢᠯᠡᠯ︾ ᠢ ᠪᠦᠷᠢᠯᠳᠦᠭᠦᠯᠵᠡᠢ᠃ ᠣᠶᠢᠷ᠎ᠠ ᠶᠢᠨ ᠵᠢᠯ ᠳᠤ᠂ ᠺᠠᠶᠢᠯᠤ ᠰᠢᠶᠠᠨ ᠰᠢᠯᠢᠳᠡᠭ ᠡᠭᠦᠯᠳᠡᠷ ᠢ ᠪᠣᠶᠢᠵᠢᠭᠤᠯᠬᠤ ᠪᠠ ᠪᠠᠷᠢᠮᠵᠢᠶᠠᠵᠢᠭᠤᠯᠤᠭᠰᠠᠨ ᠮᠡᠷᠭᠡᠵᠢᠯ ᠢ ᠳᠡᠯᠭᠡᠷᠡᠭᠦᠯᠬᠦ ᠪᠠᠷ ᠳᠡᠮᠵᠢᠨ᠂ ᠤᠯᠠᠭᠠᠨ ᠯᠠᠵᠤᠤ ᠳᠠᠷᠢᠬᠤ ᠶᠢ ᠪᠣᠬᠢᠷᠳᠤᠯ ᠦᠭᠡᠢ᠂ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ ᠶᠢ ᠠᠬᠢᠭᠤᠯᠵᠤ᠂ ᠵᠢᠯ ᠪᠦᠷᠢ ᠶᠢᠨ ᠳᠠᠷᠢᠬᠤ ᠲᠠᠯᠠᠪᠠᠶ ᠶᠢ 60 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠤᠨ᠂ ᠵᠢᠯ ᠪᠦᠷᠢ ᠶᠢᠨ ᠳᠤᠮᠳᠠᠴᠢ ᠯᠠᠵᠤᠤ ᠶᠢᠨ ᠭᠠᠷᠤᠯᠲᠠ 30 ᠳ᠋ᠦᠩᠰᠢᠭᠤᠷ ᠵᠢᠩ ᠳᠤ ᠬᠦᠷᠴᠦ᠂ ︽ᠴᠢᠬᠢ ᠪᠣᠶᠢᠵᠢᠭᠤᠯᠬᠤ᠂ ᠰᠢᠯᠵᠢᠭᠦᠯᠦᠨ ᠵᠠᠶᠢᠯᠠᠬᠤ᠂ ᠬᠤᠳᠠᠯᠳᠤᠨ ᠠᠪᠬᠤ᠂ ᠪᠣᠷᠣᠯᠠᠭᠤᠯᠬᠤ᠂ ᠡᠳ᠋ᠰᠢᠭᠦᠯᠬᠦ᠂ ᠭᠠᠳᠠᠭᠠᠳᠤ ᠳᠤ ᠭᠠᠷᠭᠠᠬᠤ︾ ᠶᠢ ᠬᠠᠷᠢᠯᠴᠠᠨ ᠠᠭᠤᠰᠤᠯᠴᠠᠭᠤᠯᠤᠭᠰᠠᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠦᠨ᠂ ᠤᠯᠠᠭᠠᠨ ᠯᠠᠵᠤᠤ ᠶᠢᠨ ᠠᠵᠤ ᠦᠢᠯᠡᠰ ᠨᠢ ᠨᠢᠭᠡᠨᠲᠡ ᠺᠠᠶᠢᠯᠤ ᠰᠢᠶᠠᠨ ᠤ ᠰᠢᠶᠠᠨ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ ᠣᠨᠴᠠᠯᠢᠭᠲᠤ ᠲᠤᠯᠭᠠᠭᠤᠷᠢ ᠠᠵᠤ ᠦᠢᠯᠡᠰ ᠪᠣᠯᠵᠤ᠂ ᠪᠦᠭᠦ ᠰᠢᠶᠠᠨ ᠤ 3 ᠲᠦᠮᠡᠨ ᠡᠷᠦᠭᠡ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠵᠦ ᠪᠠᠶᠢᠨ᠎ᠠ᠃      ︽ᠬᠦᠯᠡᠮᠵᠢ ᠳᠠᠬᠢ ᠤᠯᠠᠭᠠᠨ ᠯᠠᠵᠤᠤ ᠶᠢᠨ ᠴᠢᠬᠢ ᠶᠢ ᠲᠠᠷᠢᠶᠠᠨ ᠳᠤ ᠰᠢᠯᠵᠢᠭᠦᠯᠦᠭᠰᠡᠨ ᠤ ᠳᠠᠷᠠᠭ᠎ᠠ᠂ ᠪᠢᠳᠡ ᠲᠤᠰᠬᠠᠢ ᠮᠡᠷᠭᠡᠵᠢᠯᠲᠡᠨ ᠤ ᠪᠦᠯᠭᠦᠮ ᠢ ᠵᠣᠬᠢᠶᠠᠨ ᠪᠠᠶᠢᠭᠤᠯᠵᠤ ᠲᠠᠷᠢᠶᠠᠨ ᠭᠠᠵᠠᠷ᠂ ᠠᠶᠢᠯ ᠲᠣᠰᠬᠤᠨ ᠳᠤ ᠭᠦᠨᠵᠡᠭᠡᠶᠢᠷᠡᠭᠦᠯᠦᠨ᠂ ᠲᠠᠷᠢᠶᠠᠴᠢᠳ ᠲᠤ ᠤᠯᠠᠭᠠᠨ ᠯᠠᠵᠤᠤ ᠶᠢᠨ ᠬᠠᠮᠢᠶᠠᠷᠤᠯᠲᠠ ᠶᠢᠨ ᠮᠡᠷᠭᠡᠵᠢᠯ ᠢ ᠲᠠᠶᠢᠯᠪᠤᠷᠢᠯᠠᠨ ᠥᠭᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠶᠢ ᠣᠯᠠᠨ ᠲᠦᠮᠡᠨ ᠤ ᠡᠭᠦᠳᠡᠨ ᠳᠤ ᠬᠦᠷᠭᠡᠵᠦ᠂ ᠤᠯᠠᠭᠠᠨ ᠯᠠᠵᠤᠤ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦ ᠨᠡᠮᠡᠷᠢᠯᠡᠨ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠨ᠎ᠠ︾ ᠭᠡᠵᠦ ᠺᠠᠶᠢᠯᠤ ᠰᠢᠶᠠᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠲᠠᠷᠢᠶᠠᠯᠠᠩ ᠤᠨ ᠮᠡᠷᠭᠡᠵᠢᠯᠲᠡᠨ ᠸᠠᠩ ᠵᠧᠨ ᠬᠡᠯᠡᠵᠦ ᠪᠠᠶᠢᠯ᠎ᠠ᠃ 
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号