ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠴᠢᠳᠠᠪᠤᠷᠢᠲᠠᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2024/5/26
      5 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠭᠢᠯᠡᠭᠰᠡᠨ ︽ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠴᠢᠳᠠᠪᠤᠷᠢᠲᠠᠨ ᠡᠯᠰᠡᠬᠦ ᠴᠤᠭᠯᠠᠭᠠᠨ︾ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃ 
1.jpg
       ᠲᠣᠰ ᠤᠳᠠᠭᠠᠨ ᠤ ᠠᠵᠢᠯᠯᠠᠭ᠎ᠠ ᠶᠢ ᠬᠤᠶᠠᠷ ᠬᠡᠰᠡᠭ ᠲᠤ ᠬᠤᠪᠢᠶᠠᠵᠠᠢ᠂ ᠨᠢᠭᠡ ᠳᠤ  ᠴᠢᠳᠠᠪᠤᠷᠢᠲᠠᠨ ᠡᠯᠰᠡᠬᠦ ᠴᠤᠭᠯᠠᠭᠠᠨ ᠤ ᠵᠣᠷᠢᠯᠭ᠎ᠠ ᠨᠢ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ᠂ ᠠᠵᠢᠯ ᠡᠷᠢᠬᠦ ᠬᠦᠰᠡᠯ ᠲᠠᠢ ᠡᠯ᠎ᠡ ᠲᠥᠷᠥᠯ ᠤᠨ ᠴᠢᠳᠠᠪᠤᠷᠢᠲᠠᠨ ᠳᠤ ᠡᠯᠪᠡᠭ ᠪᠠᠶᠠᠯᠢᠭ ᠠᠵᠢᠯ ᠣᠯᠬᠤ ᠲᠣᠬᠢᠶᠠᠯ ᠬᠠᠩᠭᠠᠬᠤ ᠶᠢᠨ ᠲᠥᠯᠥᠭᠡ ᠶᠤᠮ᠂ ᠬᠤᠶᠠᠷ ᠲᠤ ᠳᠠᠳᠤᠯᠭ᠎ᠠ ᠶᠢ ᠵᠣᠯᠭᠠᠭᠤᠯᠬᠤ ᠠᠵᠢᠯᠯᠠᠭ᠎ᠠ ᠨᠢ ᠰᠤᠷᠭᠠᠭᠤᠯᠢ ᠳᠤ ᠪᠠᠶᠢᠭ᠎ᠠ ᠣᠶᠤᠲᠠᠳ ᠲᠤ ᠳᠠᠳᠤᠯᠭ᠎ᠠ ᠶᠢᠨ ᠦᠢᠯᠡᠳᠦᠯᠭᠡ ᠶᠢᠨ ᠲᠠᠪᠴᠠᠩ ᠪᠠᠶᠢᠭᠤᠯᠤᠨ ᠥᠭᠴᠦ᠂ ᠠᠵᠢᠯ ᠣᠯᠭᠤᠯᠲᠠ ᠶᠢᠨ ᠠᠵᠢᠯ ᠤᠨ ᠲᠤᠷᠰᠢᠯᠭ᠎ᠠ ᠶᠢ ᠨᠥᠭᠡᠴᠡᠯᠡᠨ ᠥᠭᠴᠦ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠭᠦᠨᠵᠡᠭᠡᠢ ᠣᠶᠢᠯᠠᠭᠠᠬᠤ ᠶᠢᠨ ᠲᠥᠯᠥᠭᠡ ᠶᠤᠮ᠃ 
2.jpg
       ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠣᠯᠠᠨ ᠬᠥᠮᠥᠨ ᠬᠡᠷᠡᠭᠯᠡᠬᠦ ᠨᠢᠭᠡᠴᠡ ᠶᠢᠨ ᠬᠢᠨ ᠢᠳᠡᠪᠬᠢᠲᠡᠢ ᠣᠷᠣᠯᠴᠠᠭᠰᠠᠨ ᠪᠠᠶᠢᠨ᠎ᠠ᠃ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ 140 ᠭᠠᠷᠤᠢ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠲᠤᠬᠠᠢ ᠶᠢᠨ ᠲᠠᠯᠠᠪᠤᠷ ᠲᠤ ᠴᠢᠳᠠᠪᠤᠷᠢᠲᠠᠨ ᠰᠣᠩᠭᠤᠨ ᠤᠷᠢᠵᠤ᠂ 756 ᠠᠵᠢᠯ ᠤᠨ ᠪᠠᠶᠢᠷᠢ ᠬᠠᠩᠭᠠᠵᠤ᠂ 2100 ᠭᠠᠷᠤᠢ ᠬᠥᠮᠥᠨ ᠡᠯᠰᠡᠬᠦ ᠪᠠᠷ ᠲᠥᠯᠥᠪᠯᠡᠵᠦ ᠪᠣᠶ᠃ ᠡᠭᠦᠨ ᠠᠴᠠ ᠭᠠᠳᠠᠨ᠎ᠠ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠠᠵᠢᠯ ᠤᠨ ᠪᠠᠶᠢᠷᠢ ᠶᠢᠨ ᠳᠠᠳᠤᠯᠭ᠎ᠠ ᠶᠢ ᠵᠣᠯᠭᠠᠭᠤᠯᠬᠤ ᠠᠵᠢᠯᠯᠠᠭ᠎ᠠ ᠳᠤ ᠪᠥᠬᠦ ᠣᠷᠣᠨ ᠤ 156 ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠵᠠᠰᠠᠭ ᠵᠠᠬᠢᠷᠭᠠᠨ᠂ ᠠᠵᠢᠯ ᠦᠢᠯᠡᠰ ᠤᠨ ᠨᠢᠭᠡᠴᠡ ᠪᠠ 65 ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠢ ᠡᠯᠰᠡᠨ ᠴᠤᠭᠯᠠᠭᠤᠯᠵᠤ᠂ 1280 ᠳᠠᠳᠤᠯᠭ᠎ᠠ ᠶᠢᠨ ᠠᠵᠢᠯ ᠤᠨ ᠪᠠᠶᠢᠷᠢ ᠭᠠᠷᠭᠠᠪᠠ᠃ ᠲᠤᠰ ᠲᠤᠰ ᠤᠨ ᠴᠢᠳᠠᠪᠤᠷᠢᠲᠠᠨ ᠤ ᠬᠡᠷᠡᠭᠴᠡᠭᠡ ᠪᠣᠯᠣᠨ ᠠᠰᠠᠷᠠᠮᠵᠢ ᠬᠠᠷᠠᠭᠠᠯᠵᠠᠯ ᠢ ᠬᠤᠶᠢᠨ᠎ᠠ ᠬᠤᠶᠢᠨ᠎ᠠ ᠠᠴᠠ ᠪᠠᠨ ᠢᠯᠡᠷᠡᠭᠦᠯᠦᠭᠰᠡᠨ ᠪᠠᠶᠢᠨ᠎ᠠ᠃      ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ ᠮᠠᠰᠢ ᠣᠯᠠᠨ ᠲᠡᠭᠦᠰᠬᠦ ᠰᠤᠷᠤᠭᠴᠢᠳ ᠬᠦᠷᠦᠯᠴᠡᠨ ᠢᠷᠡᠵᠦ ᠣᠷᠣᠯᠴᠠᠵᠠᠢ᠂ ᠪᠦᠷᠢᠳᠬᠡᠯ ᠢ ᠦᠨᠳᠦᠰᠦᠯᠡᠪᠡᠯ᠂ ᠲᠤᠬᠠᠢ ᠶᠢᠨ ᠡᠳᠦᠷ ᠲᠤ 3200 ᠭᠠᠷᠤᠢ ᠬᠥᠮᠥᠨ ᠲᠠᠯᠠᠪᠠᠶ ᠳᠤ ᠣᠷᠣᠵᠤ᠂ ᠲᠤᠬᠠᠢ ᠶᠢᠨ ᠲᠠᠯᠠᠪᠤᠷ ᠲᠤ ᠪᠠᠶᠢᠭᠰᠠᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠳᠠᠳᠤᠯᠭ᠎ᠠ ᠶᠢᠨ ᠨᠡᠷ᠎ᠡ ᠮᠡᠳᠡᠭᠦᠯᠬᠦ ᠬᠦᠰᠦᠨᠦᠭᠲᠦ ᠶᠢ ᠨᠡᠶᠢᠲᠡ 768 ᠬᠤᠪᠢ ᠭᠥᠯᠢᠶᠡᠨ ᠠᠪᠴᠤ᠂ ᠲᠤᠬᠠᠢ ᠶᠢᠨ ᠲᠠᠯᠠᠪᠤᠷ ᠲᠤ ᠪᠠᠶᠢᠭᠰᠠᠨ ᠠᠵᠤ ᠠᠬᠤᠶᠢᠯᠠᠯ ᠨᠡᠶᠢᠲᠡ 1366 ᠬᠤᠪᠢ ᠲᠣᠪᠴᠢ ᠨᠠᠮᠲᠠᠷ ᠢ ᠭᠥᠯᠢᠶᠡᠨ ᠠᠪᠴᠤ᠂ ᠰᠠᠨᠠᠯ ᠨᠢᠭᠡᠳᠦᠭᠰᠡᠨ ᠬᠥᠮᠥᠨ ᠤ ᠲᠤᠭ᠎ᠠ 124 ᠬᠥᠮᠥᠨ ᠪᠠᠶᠢᠪᠠ᠃
3.jpg
       ᠠᠵᠢᠯᠲᠠᠨ ᠡᠯᠰᠡᠬᠦ ᠲᠤᠬᠠᠢ ᠶᠢᠨ ᠲᠠᠯᠠᠪᠤᠷ ᠲᠤ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠨᠢ ᠲᠡᠳᠡᠨ ᠳᠤ ᠠᠵᠤ ᠠᠬᠤᠶᠢᠯᠠᠯ ᠲᠠᠢ ᠨᠢᠭᠤᠷᠲᠠᠨ ᠶᠠᠷᠢᠯᠴᠠᠬᠤ ᠲᠣᠬᠢᠶᠠᠯ ᠣᠯᠭᠤᠵᠤ᠂ ᠲᠡᠳᠡᠨ ᠳᠤ ᠠᠵᠤ ᠠᠬᠤᠶᠢᠯᠠᠯ ᠤᠨ ᠰᠣᠶᠣᠯ ᠪᠠ ᠬᠡᠷᠡᠭᠴᠡᠭᠡ ᠱᠠᠭᠠᠷᠳᠠᠯᠭ᠎ᠠ ᠶᠢ ᠨᠠᠩ ᠰᠢᠭᠤᠳ ᠣᠶᠢᠯᠠᠭᠠᠭᠤᠯᠬᠤ ᠶᠢᠨ ᠬᠠᠮᠲᠤ ᠠᠵᠢᠯ ᠲᠥᠷᠥᠯ ᠤᠨ ᠬᠥᠭᠵᠢᠯᠲᠡ ᠶᠢᠨ ᠢᠷᠡᠭᠡᠳᠦᠢ᠂ ᠠᠮᠢᠳᠤᠷᠠᠯ ᠤᠨ ᠠᠮᠤᠷ ᠠᠮᠤᠭᠤᠯᠠᠩ ᠣᠷᠣᠨ ᠰᠠᠭᠤᠴᠠ ᠵᠡᠷᠭᠡ ᠲᠠᠯ᠎ᠠ ᠪᠠᠷ ᠨᠠᠩ ᠭᠦᠨᠵᠡᠭᠡᠢ ᠲᠠᠨᠢᠯᠲᠠ ᠲᠠᠢ ᠪᠣᠯᠭᠠᠵᠠᠢ ᠭᠡᠵᠡᠢ᠃ ᠡᠭᠦᠨ ᠤ ᠬᠠᠮᠲᠤ᠂ ᠠᠵᠤ ᠠᠬᠤᠶᠢᠯᠠᠯ ᠤᠨ ᠲᠥᠯᠥᠭᠡᠯᠡᠭᠴᠢᠳ ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠳᠤ ᠮᠠᠰᠢ ᠬᠠᠨᠤᠮᠵᠢᠲᠠᠶ ᠪᠠᠶᠢᠬᠤ ᠪᠠᠨ ᠢᠯᠡᠳᠬᠡᠵᠦ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠠᠵᠢᠯᠯᠠᠭ᠎ᠠ ᠪᠠᠷ ᠳᠠᠮᠵᠢᠭᠤᠯᠤᠨ ᠠᠵᠢᠯᠲᠠᠨ ᠡᠯᠰᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠡᠷᠢᠭᠰᠡᠳ ᠪᠠ ᠬᠥᠮᠥᠨ ᠬᠡᠷᠡᠭᠯᠡᠬᠦ ᠨᠢᠭᠡᠴᠡ ᠳᠤ ᠰᠣᠯᠢᠯᠴᠠᠭᠠᠨ ᠤ ᠲᠠᠪᠴᠠᠩ ᠪᠠᠶᠢᠭᠤᠯᠵᠤ ᠥᠭᠭᠦᠭᠰᠡᠨ ᠪᠥᠭᠡᠳ ᠠᠵᠤ ᠠᠬᠤᠶᠢᠯᠠᠯ ᠤᠨ ᠡᠷᠳᠡᠮᠲᠡᠨ ᠴᠢᠳᠠᠪᠤᠷᠢᠲᠠᠨ ᠢ ᠡᠯᠰᠡᠵᠦ ᠤᠶᠦᠠ ᠢ ᠲᠠᠲᠠᠬᠤ ᠳᠤ ᠳᠥᠭᠦᠮ ᠳᠥᠲᠡ ᠠᠷᠭ᠎ᠠ ᠵᠠᠮ ᠬᠠᠩᠭᠠᠭᠰᠠᠨ ᠪᠠᠶᠢᠨ᠎ᠠ᠃ ᠮᠥᠨᠴᠦ ᠪᠢᠳᠡᠨ ᠤ ᠨᠡᠶᠢᠭᠡᠮ ᠤᠨ ᠠᠵᠢᠯ ᠣᠯᠭᠤᠯᠲᠠ ᠶᠢ ᠥᠷᠭᠡᠳᠬᠡᠬᠦ᠂ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠳᠠᠲᠠᠢ ᠠᠵᠢᠯᠯᠠᠭ᠎ᠠ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号