ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠶᠢᠳᠡᠮ ᠬᠡᠷᠡᠭᠯᠡᠬᠦ ᠪᠠᠷᠠᠭ᠎ᠠ ᠭᠠᠷᠭᠠᠨ ᠠᠪᠬᠤ ᠲᠠᠪᠴᠠᠩ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/5/27
      ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠬᠡᠷᠡᠭᠯᠡᠭᠡ ᠪᠠᠷ ᠲᠠᠷᠢᠶᠠᠯᠠᠩ ᠢ ᠬᠠᠪᠰᠤᠷᠤᠨ ᠲᠡᠳᠬᠦᠵᠦ ᠣᠷᠣᠯᠭ᠎ᠠ ᠶᠢ ᠨᠢ ᠨᠡᠮᠡᠭᠳᠡᠭᠦᠯᠬᠦ ᠠᠵᠢᠯᠯᠠᠭ᠎ᠠ ᠶᠢ ᠭᠦᠨᠵᠡᠭᠡᠢ ᠰᠠᠶᠢᠲᠤᠷ ᠬᠢᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠯᠠᠪᠳᠠᠭᠤᠨ ᠪᠠᠲᠤᠲᠠᠢ ᠠᠬᠢᠭᠤᠯᠵᠤ᠂ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠵᠡᠷᠭᠡ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ 5 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠶᠢᠳᠡᠮ ᠬᠡᠷᠡᠭᠯᠡᠬᠦ ᠪᠠᠷᠠᠭ᠎ᠠ ᠭᠠᠷᠭᠠᠨ ᠠᠪᠬᠤ ᠲᠠᠪᠴᠠᠩ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠢ ᠱᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ 
1.jpg
       ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠶᠢᠳᠡᠮ ᠬᠡᠷᠡᠭᠯᠡᠬᠦ ᠪᠠᠷᠠᠭ᠎ᠠ ᠭᠠᠷᠭᠠᠨ ᠠᠪᠬᠤ ᠲᠠᠪᠴᠠᠩ ᠨᠢ ︽ᠪᠣᠬᠢᠷᠲᠤᠯ ᠦᠭᠡᠢ ᠪᠦᠲᠦᠭᠡᠭᠳᠡᠬᠦᠨ ᠤ ᠪᠣᠭᠤᠮᠲᠠ  ᠠᠴᠠ ᠭᠠᠷᠬᠤ︾ ᠳᠤ ᠲᠣᠭᠠᠴᠢᠯᠠᠭᠰᠠᠨ ᠳᠡᠮᠵᠢᠯᠭᠡ ᠬᠠᠩᠭᠠᠵᠤ᠂ ᠣᠶᠢᠷ᠎ᠠ ᠶᠢᠨ ᠬᠤᠭᠤᠴᠠᠭᠠᠨ ᠳᠤ ᠭᠤᠣᠯᠳᠠᠭᠤ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠪᠠᠷᠠᠭ᠎ᠠ ᠭᠠᠷᠭᠠᠨ ᠠᠪᠬᠤ ᠬᠡᠷᠡᠭᠴᠡᠭᠡ ᠶᠢ ᠰᠢᠢᠳᠪᠦᠷᠢᠯᠡᠵᠦ᠂ ᠨᠥᠬᠦᠴᠡᠯ ᠪᠦᠷᠢᠯᠳᠦᠭᠰᠡᠨ ᠤ ᠳᠠᠷᠠᠭ᠎ᠠ ᠪᠥᠬᠦ ᠤᠯᠤᠰ ᠤᠨ ᠬᠡᠪᠴᠢᠶᠡᠨ ᠳᠤ ᠪᠠᠷᠠᠭ᠎ᠠ ᠭᠠᠷᠭᠠᠨ ᠠᠪᠬᠤ ᠶᠢ ᠪᠡᠶᠡᠯᠡᠭᠦᠯᠦᠨ᠎ᠡ᠃ ᠣᠳᠣᠬᠠᠨ ᠳᠤ᠂ ᠲᠠᠪᠴᠠᠩ ᠳᠡᠭᠡᠷ᠎ᠡ ᠨᠢᠭᠡᠨᠲᠡ 100 ᠭᠠᠷᠤᠢ ᠬᠤᠷᠰᠢᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠵᠤ ᠠᠬᠤᠶᠢᠯᠠᠯ ᠪᠣᠶ᠃ ᠲᠠᠷᠠᠭᠠᠴᠢ ᠪᠠᠷ᠂ ᠲᠠᠪᠴᠠᠩ  ᠨᠢ ᠬᠤᠷᠰᠢᠭᠰᠠᠨ ᠠᠵᠤ ᠠᠬᠤᠶᠢᠯᠠᠯ ᠲᠠᠢ ᠶᠠᠰᠤ ᠴᠢᠨᠠᠷ᠂ ᠦᠨ᠎ᠡ ᠬᠠᠩᠰᠢ᠂ ᠦᠢᠯᠡᠴᠢᠯᠡᠭᠡ ᠵᠡᠷᠭᠡ ᠲᠠᠯ᠎ᠠ ᠪᠠᠷ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠶᠢᠳᠡᠮ ᠬᠡᠷᠡᠭᠯᠡᠬᠦ ᠪᠠᠷᠠᠭ᠎ᠠ ᠭᠠᠷᠭᠠᠨ ᠠᠪᠬᠤ ᠲᠠᠪᠴᠠᠩ ᠢ ᠥᠪᠥᠷ ᠮᠣᠩᠭᠤᠯ ᠤᠨ ᠡᠯ᠎ᠡ ᠲᠠᠯ᠎ᠠ ᠶᠢ ᠬᠠᠮᠤᠷᠤᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠢᠷᠠᠭᠤ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠪᠣᠯᠣᠨ᠎ᠠ᠃      ᠲᠤᠬᠠᠢ ᠶᠢᠨ ᠡᠳᠦᠷ᠂ ᠥᠪᠥᠷ ᠮᠣᠩᠭᠤᠯ ᠤᠨ 12 ᠠᠶᠢᠮᠠᠭ ᠬᠤᠲᠠ ᠶᠢᠨ ᠴᠢᠨᠠᠷ ᠰᠠᠶᠢᠲᠠᠢ ᠠᠵᠤ ᠠᠬᠤᠶᠢᠯᠠᠯ ᠤᠨ ᠲᠥᠯᠥᠭᠡᠯᠡᠭᠴᠢ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠦᠢᠯᠡᠴᠢᠯᠡᠭᠡᠨ ᠤ ᠲᠥᠪ ᠲᠠᠢ ᠲᠣᠰ ᠲᠣᠰ ᠭᠡᠷ᠎ᠡ ᠲᠣᠭᠲᠠᠵᠤ ᠫᠠᠶᠢᠰᠠ ᠣᠯᠭᠤᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠠᠬᠢᠭᠤᠯᠬᠤ ᠪᠠᠷ ᠬᠠᠮᠲᠤᠪᠠᠷ ᠴᠢᠷᠮᠠᠶᠢᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号