ᠣᠶᠢᠷ᠎ᠠ ᠶᠢᠨ ᠵᠢᠯ ᠤᠨ ᠲᠤᠷᠰᠢ᠂ ᠬᠦᠷᠢᠶ᠎ᠡ ᠬᠤᠰᠢᠭᠤ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠠᠷᠢᠮᠠᠯ ᠤᠨ | ᠪᠦᠲᠦᠴᠡ ᠪᠠᠨ ᠢᠳᠡᠪᠬᠢᠲᠡᠢ ᠲᠣᠬᠢᠷᠠᠭᠤᠯᠵᠤ᠂ ᠲᠠᠷᠢᠶᠠᠯᠠᠩ ᠢ ︽ᠤᠯᠠᠨ ᠡᠰᠢᠵᠢᠬᠦ︾ ᠲᠡᠰᠢ ᠬᠤᠪᠢᠷᠠᠭᠤᠯᠬᠤ ᠶᠢ | ᠬᠥᠲᠥᠯᠥᠨ ᠵᠢᠯᠤᠭᠤᠳᠴᠤ᠂ ᠲᠠᠷᠢᠶᠠᠴᠢᠨ ᠡᠷᠦᠭᠡ ᠶᠢᠨ ᠯᠣᠬᠠᠱᠧᠩ᠂ ᠲᠠᠷᠪᠤᠰ᠂ ᠠᠮᠲᠠᠲᠤ ᠲᠥᠮᠥᠰᠥ ᠵᠡᠷᠭᠡ ᠠᠵᠤ | ᠠᠬᠤᠢ ᠶᠢᠨ ᠲᠠᠷᠢᠮᠠᠯ ᠲᠠᠷᠢᠬᠤ ᠶᠢ ᠵᠣᠷᠢᠭᠵᠢᠭᠤᠯᠤᠨ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ | ᠶᠢᠨ ᠰᠢᠨ᠎ᠡ ᠳᠠᠪᠠᠭᠤᠯᠢᠭ ᠢ ᠶᠡᠬᠡᠳᠬᠡᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠠᠷᠭ᠎ᠠ ᠵᠠᠮ ᠢ | ᠥᠷᠭᠡᠳᠬᠡᠵᠡᠢ᠃ ᠣᠶᠢᠯᠠᠭᠠᠭᠰᠠᠨ ᠢᠶᠠᠷ᠂ 2024 ᠣᠨ ᠳᠤ ᠪᠦᠭᠦ ᠬᠤᠰᠢᠭᠤᠨ ᠤ ᠲᠠᠷᠢᠮᠠᠯ ᠤᠨ ᠲᠠᠯᠠᠪᠠᠶ ᠶᠢ 168 | ᠲᠦᠮᠡᠨ ᠮᠦ ᠳᠠᠷᠢᠬᠤ ᠪᠠᠷ ᠲᠥᠯᠥᠪᠯᠡᠵᠦ᠂ ᠡᠭᠦᠨ ᠳᠤ ᠨᠠᠷᠢᠮᠤ᠂ ᠲᠠᠷᠪᠤᠰ᠂ ᠤᠯᠠᠭᠠᠨ ᠯᠠᠵᠤᠤ᠂ ᠲᠥᠮᠥᠰᠥ᠂ ᠨᠡᠷᠡᠨ | ᠬᠤᠸᠠᠷ ᠵᠡᠷᠭᠡ ᠣᠨᠴᠠᠯᠢᠭᠲᠤ ᠲᠠᠷᠢᠮᠠᠯ ᠤᠨ ᠲᠠᠯᠠᠪᠠᠶ ᠶᠢ 5.1 ᠲᠦᠮᠡᠨ ᠮᠦ ᠳᠠᠷᠢᠬᠤ ᠪᠠᠷ ᠲᠥᠯᠥᠪᠯᠡᠪᠡ᠃ ᠵᠢᠷᠤᠭ ᠪᠣᠯ | ᠲᠤᠰ ᠬᠤᠰᠢᠭᠤᠨ ᠤ ᠯᠢᠦ ᠵᠢᠶᠠᠽᠢ ᠪᠠᠯᠭᠠᠰᠤᠨ ᠤ ᠰᠢᠩ ᠱᠸ ᠸᠠ ᠲᠤᠰᠬᠤᠨ ᠤ ᠲᠠᠷᠪᠤᠰ ᠲᠠᠷᠢᠬᠤ ᠰᠠᠭᠤᠷᠢᠨ ᠳᠤ | ᠲᠠᠷᠢᠶᠠᠴᠢᠳ ᠲᠠᠷᠪᠤᠰ ᠤᠨ ᠴᠢᠬᠢ ᠵᠠᠶᠢᠯᠠᠵᠤ ᠪᠠᠶᠢᠭ᠎ᠠ ᠨᠢ᠃ | | | | | ᠰᠤᠷᠪᠤᠯᠵᠢᠯᠠᠬᠴᠢ ᠪᠦᠦ ᠴᠢᠩ ᠱᠧᠩ ᠰᠡᠭᠦᠳᠡᠷᠯᠡᠪᠡ |