ᠣᠳᠣᠬᠠᠨ ᠳᠤ ᠮᠠᠨ ᠤ ᠣᠷᠣᠨ ᠤᠰᠤᠨ ᠲᠤᠲᠤᠷᠭ᠎ᠠ ᠶᠢᠨ ᠴᠢᠬᠢ ᠪᠣᠶᠢᠵᠢᠭᠤᠯᠵᠤ ᠴᠢᠬᠢ ᠰᠠᠭᠤᠯᠭᠠᠬᠤ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠲᠠᠷᠢᠶᠠᠯᠠᠩ ᠤᠨ ᠪᠠᠶᠢᠳᠠᠯ ᠤᠨ ᠬᠠᠮᠤᠭ ᠤᠨ ᠰᠢᠨ᠎ᠡ ᠪᠦᠷᠢᠳᠬᠡᠯ ᠢᠶᠠᠷ | ᠪᠦᠭᠦ ᠣᠷᠣᠨ ᠤ ᠤᠰᠤᠨ ᠲᠤᠲᠤᠷᠭ᠎ᠠ ᠳᠠᠷᠢᠭᠰᠠᠨ ᠳᠠᠯᠠᠪᠠᠢ ᠨᠢᠭᠡᠨᠲᠡ 70 ᠲᠦᠮᠡ ᠰᠢᠬᠠᠮ ᠮᠦ ᠳᠤ ᠬᠦᠷᠴᠦ᠂ | ᠤᠰᠤᠨ ᠲᠤᠲᠤᠷᠭ᠎ᠠ ᠶᠢᠨ ᠡᠯᠪᠡᠭ ᠬᠤᠷᠢᠶᠠᠯᠲᠠ ᠶᠢ ᠪᠠᠲᠤᠯᠠᠬᠤ ᠳᠤ ᠪᠠᠲᠤ ᠰᠠᠭᠤᠷᠢ ᠶᠢ ᠲᠠᠯᠪᠢᠪᠠ᠃ ᠣᠶᠢᠯᠠᠭᠠᠭᠰᠠᠨ | ᠢᠶᠠᠷ᠂ ᠡᠨᠡ ᠵᠢᠯ ᠪᠦᠭᠦ ᠣᠷᠣᠨ ᠤ ᠡᠯ᠎ᠡ ᠭᠠᠵᠠᠷ ᠤᠨ ᠬᠢᠨ ᠨᠡᠶᠢᠳᠡ 200 ᠲᠦᠮᠡᠨ ᠮᠦ ᠤᠰᠤᠨ ᠲᠤᠲᠤᠷᠭ᠎ᠠ | ᠲᠠᠷᠢᠬᠤ ᠰᠠᠨᠠᠮᠵᠢ ᠲᠠᠢ ᠪᠠᠶᠢᠵᠤ᠂ ᠣᠳᠣᠬᠠᠨ ᠳᠤ ᠤᠰᠤᠨ ᠲᠤᠲᠤᠷᠭ᠎ᠠ ᠳᠠᠷᠢᠭᠰᠠᠨ ᠠᠬᠢᠴᠠ ᠨᠢ 33.4% ᠳᠤ | ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠦᠨᠳᠦᠰᠦᠨ ᠳᠡᠭᠡᠨ ᠠᠳᠠᠯᠢ ᠪᠣᠯᠵᠠᠢ᠃ | ᠮᠠᠨ ᠤ ᠣᠷᠣᠨ ᠤ ᠤᠰᠤᠨ ᠲᠤᠲᠤᠷᠭ᠎ᠠ ᠶᠢᠨ ᠲᠠᠷᠢᠮᠠᠯ ᠭᠤᠣᠯᠳᠠᠭᠤ ᠵᠡᠭᠦᠨ ᠪᠡᠶ᠎ᠡ ᠶᠢᠨ ᠬᠢᠩᠭᠠᠨ ᠠᠶᠢᠮᠠᠭ᠂ | ᠲᠦᠩᠯᠢᠶᠣᠣ ᠬᠤᠲᠠ᠂ ᠬᠥᠯᠥᠨ ᠪᠤᠶᠢᠷ ᠬᠤᠲᠠ ᠪᠣᠯᠣᠨ ᠤᠯᠠᠭᠠᠨᠬᠠᠳᠠ ᠬᠤᠲᠠ ᠵᠡᠷᠭᠡ 4 ᠠᠶᠢᠮᠠᠭ ᠬᠤᠲᠠ ᠳᠤ | ᠲᠥᠪᠯᠡᠷᠡᠵᠦ᠂ ᠵᠢᠯ ᠤᠨ ᠲᠠᠷᠢᠬᠤ ᠲᠠᠯᠠᠪᠠᠢ ᠨᠢ ᠪᠦᠭᠦ ᠣᠷᠣᠨ ᠤ 98% ᠣᠷᠴᠢᠮ ᠢ ᠡᠵᠡᠯᠡᠵᠦ ᠪᠤᠢ᠃ ᠡᠭᠦᠨ ᠳᠤ | ᠬᠢᠩᠭᠠᠨ ᠠᠶᠢᠮᠠᠭ ᠳᠡᠯᠡᠬᠡᠢ ᠨᠡᠶᠢᠲᠡ ᠳᠤ ᠮᠡᠳᠡᠷᠡᠭᠳᠡᠭᠰᠡᠨ ᠬᠦᠢᠲᠡᠨ ᠭᠠᠵᠠᠷ ᠤᠨ ᠤᠰᠤᠨ ᠲᠤᠲᠤᠷᠭ᠎ᠠ ᠶᠢᠨ ᠰᠢᠵᠢᠷ | ᠠᠯᠲᠠᠨ ᠪᠦᠰᠡ ᠳᠤ ᠪᠠᠶᠢᠷᠢᠯᠠᠨ᠂ ᠴᠢᠨᠠᠷ ᠰᠠᠶᠢᠲᠠᠢ ᠤᠰᠤᠨ ᠲᠤᠲᠤᠷᠭ᠎ᠠ ᠶᠢᠨ ᠦᠢᠯᠡᠳᠪᠦᠷᠢᠯᠡᠯ ᠢ ᠬᠥᠭᠵᠢᠭᠦᠯᠬᠦ | ᠪᠠᠶᠢᠭᠠᠯᠢ ᠶᠢᠨ ᠳᠠᠪᠠᠭᠤᠯᠢᠭ ᠲᠠᠢ ᠪᠠᠶᠢᠵᠤ᠂ ᠵᠢᠯ ᠤᠨ ᠳᠠᠷᠢᠬᠤ ᠲᠠᠯᠠᠪᠠᠢ ᠪᠠ ᠶᠡᠷᠦᠩᠬᠡᠢ ᠤᠨᠠᠯᠲᠠ ᠨᠢ ᠪᠦᠭᠦ ᠣᠷᠣᠨ | ᠤ 50% ᠠᠴᠠ ᠳᠡᠭᠡᠭᠰᠢᠬᠢ ᠶᠢ ᠡᠵᠡᠯᠡᠵᠦ ᠪᠤᠢ᠃ | ᠣᠶᠢᠷ᠎ᠠ ᠶᠢᠨ ᠵᠢᠯ ᠳᠤ ᠲᠠᠷᠢᠶᠠᠯᠠᠩ ᠦᠢᠯᠡᠳᠪᠦᠷᠢᠯᠡᠯ ᠤᠨ ᠬᠡᠪᠴᠢᠶᠡᠲᠦ ᠡᠵᠡᠩᠨᠡᠯᠲᠡ ᠲᠠᠰᠤᠷᠠᠯᠲᠠ ᠦᠭᠡᠢ | ᠥᠷᠭᠡᠳᠬᠦ ᠶᠢ ᠳᠠᠭᠠᠯᠳᠤᠨ᠂ ᠮᠠᠨ ᠤ ᠣᠷᠣᠨ ᠤ ᠤᠰᠤᠨ ᠲᠤᠲᠤᠷᠭ᠎ᠠ ᠶᠢᠨ ᠭᠤᠣᠯ ᠭᠠᠷᠤᠯᠲᠠ ᠶᠢᠨ ᠣᠷᠣᠨ ᠤ ᠬᠢᠨ | ᠣᠶᠤᠨᠴᠢ ᠪᠠᠷ ᠴᠢᠬᠢ ᠪᠣᠶᠢᠵᠢᠭᠤᠯᠬᠤ᠂ ᠠᠵᠤ ᠦᠢᠯᠡᠳᠪᠦᠷᠢᠵᠢᠭᠦᠯᠦᠨ ᠴᠢᠬᠢ ᠪᠣᠶᠢᠵᠢᠭᠤᠯᠬᠤ᠂ ᠮᠠᠰᠢᠨ ᠢᠶᠠᠷ ᠴᠢᠬᠢ | ᠰᠠᠭᠤᠯᠭᠠᠬᠤ᠂ ᠮᠠᠰᠢᠨ ᠢᠶᠠᠷ ᠬᠠᠳᠤᠵᠤ ᠬᠤᠷᠢᠶᠠᠬᠤ ᠵᠡᠷᠭᠡ ᠪᠦᠭᠦ ᠶᠠᠪᠤᠴᠠ ᠳᠤ ᠲᠡᠷᠢᠭᠦᠨ ᠤ ᠲᠸᠭᠨᠢᠭ ᠮᠡᠷᠭᠡᠵᠢᠯ ᠢ | ᠢᠳᠡᠪᠬᠢᠲᠡᠢ ᠲᠦᠭᠡᠮᠡᠯᠵᠢᠭᠦᠯᠵᠦ᠂ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠪᠦᠭᠦ ᠶᠠᠪᠤᠴᠠ ᠶᠢᠨ | ᠮᠠᠰᠢᠨᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃ ᠤᠳᠤ ᠪᠦᠭᠦ ᠣᠷᠣᠨ ᠤ ᠤᠰᠤᠨ ᠲᠤᠲᠤᠷᠭ᠎ᠠ ᠶᠢᠨ | ᠦᠢᠯᠡᠳᠪᠦᠷᠢᠯᠡᠯ ᠤᠨ ᠮᠠᠰᠢᠨᠴᠢᠯᠠᠯᠲᠠ ᠶᠢᠨ ᠲᠦᠪᠰᠢᠨ 90% ᠶᠢ ᠳᠠᠪᠠᠵᠤ᠂ ᠬᠡᠰᠡᠭ ᠭᠠᠵᠠᠷ ᠣᠷᠣᠨ ᠳᠤ ᠪᠠᠰᠠ | ᠵᠢᠯᠣᠭᠤᠴᠢ ᠦᠭᠡᠢ ᠨᠢᠰᠬᠡᠯ ᠢᠶᠠᠷ ᠲᠠᠷᠢᠶᠠᠨ ᠡᠮ ᠰᠦᠷᠴᠢᠨ ᠪᠣᠷᠳᠣᠭᠤᠷ ᠣᠷᠣᠭᠤᠯᠬᠤ ᠵᠡᠷᠭᠡ ᠣᠳᠣ ᠦᠶ᠎ᠡ ᠶᠢᠨ | ᠰᠢᠨ᠎ᠡ ᠭᠡᠯᠪᠡᠷᠢ ᠶᠢᠨ ᠮᠡᠷᠭᠡᠵᠢᠯ ᠤᠨ ᠲᠤᠷᠰᠢᠯᠲᠠ ᠬᠢᠵᠦ ᠵᠢᠱᠢᠶ᠎ᠡ ᠦᠵᠡᠭᠦᠯᠭᠦ ᠠᠵᠢᠯ ᠢ ᠥᠷᠨᠢᠭᠦᠯᠵᠦ ᠪᠠᠶᠢᠨ᠎ᠠ᠃ |