ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2024/5/28
      ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠥᠬᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠶᠢᠱᠠᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ 
11.jpg
       ᠪᠣᠯᠪᠠᠰᠤᠷᠠᠯ ᠤᠨ ᠠᠩᠭᠢ  ᠨᠢ ᠲᠤᠰᠬᠠᠢ ᠮᠡᠷᠭᠡᠵᠢᠯᠲᠡᠨ ᠬᠢᠴᠢᠶᠡᠯᠯᠡᠬᠦ + ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ + ᠲᠤᠷᠰᠢᠯᠭ᠎ᠠ ᠰᠣᠯᠢᠯᠴᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠭᠰᠠᠨ ᠪᠠᠶᠢᠨ᠎ᠠ᠃ ᠪᠣᠯᠪᠠᠰᠤᠷᠠᠯ ᠤᠨ ᠬᠤᠭᠤᠴᠠᠭᠠᠨ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠴᠠᠭᠠᠨ ᠬᠡᠮᠵᠢᠬᠦ ᠭᠠᠵᠠᠷ᠂ ᠥᠪᠡᠷᠲᠡᠭᠡᠨ ᠵᠠᠰᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠨᠡᠶᠢᠭᠡᠮᠯᠢᠭ ᠤᠨ ᠲᠤᠰᠬᠠᠢ ᠮᠡᠷᠭᠡᠵᠢᠯᠲᠡᠨ ᠵᠢᠴᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ  ᠠᠴᠠ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠥᠷᠥ ᠶᠢᠨ ᠪᠣᠳᠣᠯᠭ᠎ᠠ᠂ ᠵᠣᠷᠯᠣᠩ ᠤᠨ ᠬᠤᠪᠢᠰᠬᠠᠯ᠂ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠰᠢᠢᠳᠪᠦᠷᠢᠯᠡᠬᠦ ᠮᠡᠷᠭᠡᠵᠢᠯ ᠤᠨ ᠵᠠᠭᠪᠤᠷ᠂ ᠠᠮᠢᠳᠤᠷᠠᠯ ᠤᠨ ᠬᠤᠭ ᠨᠣᠪᠰᠢ ᠶᠢ ᠵᠠᠰᠠᠬᠤ᠂ ᠬᠥᠳᠡᠭᠡ ᠲᠣᠰᠬᠤᠨ ᠤ ᠦᠢᠯᠡᠴᠢᠯᠡᠭᠡᠨ ᠤ ᠰᠢᠰᠲ᠋ᠧᠮ ᠵᠡᠷᠭᠡ ᠠᠭᠤᠯᠭ᠎ᠠ ᠶᠢᠨ ᠲᠤᠬᠠᠢ ᠲᠤᠰᠬᠠᠢ ᠰᠡᠳᠦᠪᠲᠦ ᠲᠠᠶᠢᠯᠤᠮᠵᠢ ᠬᠢᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠮᠡᠷᠭᠡᠵᠢᠯ ᠤᠨ ᠳᠡᠮᠵᠢᠯᠭᠡ ᠶᠢ ᠤᠯᠠᠮ ᠨᠢᠭᠡ ᠠᠯᠬᠤᠮ ᠴᠢᠩᠭᠠᠳᠬᠠᠭᠰᠠᠨ ᠪᠠᠶᠢᠨ᠎ᠠ᠃ 
22.jpg
       ᠬᠢᠩᠭᠠᠨ ᠠᠶᠢᠮᠠᠭ᠂ ᠤᠯᠠᠭᠠᠨᠬᠠᠳᠠ ᠬᠤᠳᠠ᠂ ᠪᠠᠶᠠᠨᠨᠠᠭᠤᠷ ᠬᠤᠳᠠ᠂ ᠬᠤᠷᠢᠨᠭᠡᠷ ᠰᠢᠶᠠᠨ᠂ ᠰᠢᠭᠤᠶᠢᠲᠤ ᠲᠣᠭᠤᠷᠢᠭ᠂ ᠵᠡᠭᠦᠨᠭᠠᠷ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠤᠨ ᠲᠤᠰ ᠲᠤᠰ ᠰᠣᠯᠢᠯᠴᠠᠭᠠᠨ ᠤ ᠶᠠᠷᠢᠶ᠎ᠠ ᠲᠠᠯᠪᠢᠵᠠᠢ᠃ ᠪᠣᠯᠪᠠᠰᠤᠷᠠᠯ ᠤᠨ ᠠᠩᠭᠢ ᠶᠢᠨ ᠰᠤᠷᠤᠭᠴᠢᠳ ᠬᠤᠷᠢᠨᠭᠡᠷ ᠰᠢᠶᠠᠨ ᠳᠤ ᠬᠦᠷᠴᠦ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ︽345︾ ᠵᠠᠭᠪᠤᠷ ᠢ ᠲᠤᠬᠠᠢ ᠶᠢᠨ ᠲᠠᠯᠠᠪᠤᠷ ᠲᠤ ᠲᠣᠭᠤᠷᠢᠨ ᠦᠵᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号