ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠᠶᠠᠨᠨᠠᠭᠤᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ 2023 ᠣᠨ ᠤ ᠢᠮᠠᠭᠠᠨ ᠨᠤᠤᠯᠤᠭᠤᠷ ᠤᠨ ᠬᠤᠳᠠᠯᠳᠤᠨ ᠠᠪᠴᠤ ᠨᠥᠭᠡᠴᠡᠯᠡᠬᠦ ᠳᠠᠮ ᠬᠦᠦ ᠶᠢᠨ ᠲᠥᠷᠥᠯ ᠵᠦᠢᠯ ᠢ ᠰᠢᠯᠭᠠᠨ ᠠᠪᠤᠪᠠ
ᠨᠡᠶᠢᠲᠡᠯᠡᠭᠰᠡᠨ ᠴᠠᠭ᠄
2024/5/28
      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠤᠰᠬᠠᠢ ᠪᠡᠯᠡ ᠮᠥᠩᠭᠦ ᠶᠢᠨ ᠢᠮᠠᠭᠠᠨ ᠨᠤᠤᠯᠤᠭᠤᠷ ᠤᠨ ᠠᠵᠤ ᠦᠢᠯᠡᠰ ᠢ ᠬᠥᠭᠵᠢᠭᠦᠯᠬᠦ ᠳᠤ ᠦᠵᠡᠭᠦᠯᠬᠦ ᠳᠡᠮᠵᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ 5 ᠰᠠᠷ᠎ᠠ ᠶᠢᠨ 24 ᠤ ᠡᠳᠦᠷ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠠᠵᠤ ᠦᠢᠯᠡᠰ ᠤᠨ ᠰᠠᠯᠠᠭ᠎ᠠ᠂ ᠡᠳ᠋ ᠤᠨ ᠶᠠᠪᠤᠳᠠᠯ ᠤᠨ ᠰᠠᠯᠠᠭ᠎ᠠ᠂ ᠲᠠᠷᠢᠶᠠᠯᠠᠩ ᠨᠡᠶᠢᠭᠡᠮ ᠤᠨ ᠲᠥᠪ ᠵᠢᠴᠢ ᠪᠠᠶᠠᠨᠨᠠᠭᠤᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠲᠠᠷᠢᠶᠠᠯᠠᠩ ᠤᠨ ᠡᠳ᠋ ᠤᠨ ᠶᠠᠪᠤᠳᠠᠯ  ᠤᠨ ᠰᠠᠯᠠᠭ᠎ᠠ ᠶᠢᠨ ᠬᠠᠮᠢᠶ᠎ᠠ ᠪᠦᠬᠦᠢ ᠠᠵᠢᠯᠲᠠᠨ ᠯᠢᠨ ᠾᠧ ᠲᠣᠭᠤᠷᠢᠭ ᠲᠤ ᠬᠦᠷᠴᠦ 2023 ᠣᠨ ᠤ ᠢᠮᠠᠭᠠᠨ ᠨᠤᠤᠯᠤᠭᠤᠷ ᠤᠨ ᠬᠤᠳᠠᠯᠳᠤᠨ ᠠᠪᠴᠤ ᠨᠥᠭᠡᠴᠡᠯᠡᠬᠦ ᠳᠠᠮ ᠬᠦᠦ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠰᠢᠯᠭᠠᠨ ᠠᠪᠤᠪᠠ᠃      ᠥᠪᠡᠷᠲᠡᠭᠡᠨ ᠵᠠᠰᠠᠬᠤ ᠣᠷᠣᠨ ᠤ ᠢᠮᠠᠭᠠᠨ ᠨᠤᠤᠯᠤᠭᠤᠷ ᠤᠨ ᠬᠤᠳᠠᠯᠳᠤᠨ ᠠᠪᠴᠤ ᠨᠥᠭᠡᠴᠡᠯᠡᠬᠦ ᠳᠠᠮ ᠬᠦᠦ ᠶᠢᠨ ᠳᠦᠷᠦᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠢᠮᠠᠭᠠᠨ ᠨᠤᠤᠯᠤᠭᠤᠷ ᠤᠨ ᠬᠤᠳᠠᠯᠳᠤᠨ ᠠᠪᠴᠤ ᠨᠥᠭᠡᠴᠡᠯᠡᠬᠦ ᠡᠭᠦᠷᠭᠡ ᠶᠢ ᠡᠭᠦᠷᠭᠡᠯᠡᠵᠦ ᠪᠠᠶᠢᠭ᠎ᠠ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠵᠢᠭᠡᠯᠡᠭᠰᠡᠨ ᠵᠣᠭᠤᠰ ᠢᠶᠠᠷ ᠢᠮᠠᠭᠠᠨ ᠨᠤᠤᠯᠤᠭᠤᠷ ᠶᠢᠨ ᠬᠤᠳᠠᠯᠳᠤᠨ ᠠᠪᠴᠤ ᠨᠥᠭᠡᠴᠡᠯᠡᠬᠦ ᠳᠤ ᠵᠠᠷᠤᠴᠠᠭᠤᠯᠤᠭᠰᠠᠨ ᠬᠦᠦ ᠮᠥᠩᠭᠦ ᠶᠢᠨ ᠨᠥᠬᠦᠪᠦᠷᠢ ᠪᠣᠯᠣᠨ᠎ᠠ᠃ 2013 ᠣᠨ ᠳᠤ ᠢᠮᠠᠭᠠᠨ ᠨᠤᠤᠯᠤᠭᠤᠷ ᠬᠤᠳᠠᠯᠳᠤᠨ ᠠᠪᠴᠤ ᠨᠥᠭᠡᠴᠡᠯᠡᠬᠦ ᠲᠦᠷᠦᠯ ᠵᠦᠢᠯ ᠢ ᠬᠡᠷᠡᠭᠵᠢᠭᠦᠯᠦᠭᠰᠡᠨ ᠠᠴᠠ ᠨᠠᠭᠠᠰᠢ᠂ ᠪᠠᠶᠠᠨᠨᠠᠭᠤᠷ ᠬᠤᠳᠠ ᠥᠪᠡᠷᠲᠡᠭᠡᠨ ᠵᠠᠰᠠᠬᠤ ᠣᠷᠣᠨ ᠤ ᠲᠦᠷᠦ ᠶᠢᠨ ᠪᠣᠳᠣᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠨᠣᠯᠤᠤᠷ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠤᠨ ᠢᠮᠠᠭᠠᠨ ᠨᠤᠤᠯᠤᠭᠤᠷ ᠤᠨ ᠬᠤᠳᠠᠯᠳᠤᠨ ᠠᠪᠴᠤ ᠨᠥᠭᠡᠴᠡᠯᠡᠬᠦ ᠳᠤ ᠪᠡᠯᠡ ᠮᠥᠩᠭᠦᠨ ᠤ ᠳᠡᠮᠵᠢᠯᠭᠡ ᠬᠠᠩᠭᠠᠵᠤ᠂ ᠢᠮᠠᠭᠠᠨ ᠨᠤᠤᠯᠤᠭᠤᠷ  ᠤᠨ ᠠᠵᠤ ᠦᠢᠯᠡᠰ ᠤᠨ ᠴᠢᠨᠠᠷ ᠰᠠᠶᠢᠲᠠᠢ ᠰᠠᠶᠢᠨ ᠦᠨ᠎ᠡ ᠶᠢᠨ ᠲᠣᠭᠲᠠᠴᠠ ᠶᠢᠨ ᠪᠦᠷᠢᠯᠳᠦᠬᠦ ᠶᠢ ᠠᠬᠢᠭᠤᠯᠵᠤ᠂ ᠢᠮᠠᠭᠠᠨ ᠨᠤᠤᠯᠤᠭᠤᠷ ᠤᠨ ᠠᠵᠤ ᠦᠢᠯᠡᠰ ᠤᠨ ᠡᠷᠡᠭᠦᠯ ᠪᠥᠭᠡᠳ ᠡᠮᠬᠢ ᠳᠢᠭᠯᠢᠮ ᠲᠠᠢ ᠬᠥᠭᠵᠢᠬᠦ ᠶᠢ ᠪᠠᠲᠤᠯᠠᠪᠠ᠃      ᠲᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠬᠤᠲᠠ ᠢᠮᠠᠭᠠᠨ ᠨᠤᠤᠯᠤᠭᠤᠷ ᠤᠨ ᠬᠤᠳᠠᠯᠳᠤᠨ ᠠᠪᠴᠤ ᠨᠥᠭᠡᠴᠡᠯᠡᠬᠦ ᠳᠠᠮ ᠬᠦᠦ ᠶᠢᠨ ᠲᠥᠷᠥᠯ ᠵᠦᠢᠯ ᠢ ᠦᠷᠭᠦᠯᠵᠢᠯᠡᠨ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠤᠤᠯᠤᠭᠤᠷ ᠤᠨ ᠢᠮᠠᠭᠠᠨ ᠤ ᠰᠠᠶᠢᠨ ᠡᠭᠦᠯᠳᠡᠷ ᠢ ᠳᠡᠭᠡᠭᠰᠢᠯᠡᠭᠦᠯᠬᠦ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠂ ᠢᠮᠠᠭᠠᠨ ᠨᠤᠤᠯᠤᠭᠤᠷ ᠤᠨ ᠠᠵᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ ᠵᠡᠷᠭᠡ ᠲᠠᠯ᠎ᠠ ᠶᠢᠨ ᠲᠣᠭᠤᠷᠢᠨ ᠳᠤ ᠢᠮᠠᠭᠠᠨ ᠨᠤᠤᠯᠤᠭᠤᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号