ᠪᠦᠬᠦ ᠣᠷᠣᠨ ᠤ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠵᠢᠴᠢ ᠠᠮᠤ ᠳᠤᠰᠤᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠦᠬᠦ ᠶᠠᠪᠤᠴᠠ ᠶᠢᠨ ᠮᠠᠰᠢᠨᠴᠢᠯᠠᠯᠲᠠ ᠶᠢᠨ ᠮᠡᠷᠭᠡᠵᠢᠯ ᠲᠣᠨᠣᠭᠯᠠᠯ ᠤᠨ ᠪᠣᠯᠪᠠᠰᠤᠷᠠᠯ ᠤᠨ ᠠᠩᠭᠢ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/30
      ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠪᠠ ᠥᠨᠳᠥᠷ ᠦᠷ᠎ᠡ ᠠᠰᠢᠭᠲᠤ ᠲᠠᠷᠢᠶᠠᠯᠠᠩ ᠤᠨ ᠮᠠᠰᠢᠨ ᠢ ᠳᠡᠯᠭᠡᠷᠡᠭᠦᠯᠦᠨ ᠬᠡᠷᠡᠭᠯᠡᠬᠦ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠷᠳᠡᠨᠢ ᠰᠢᠰᠢ ᠪᠠ ᠰᠢᠷ᠎ᠠ ᠪᠤᠷᠴᠠᠭ ᠤᠨ ᠪᠠᠲᠤᠯᠠᠭ᠎ᠠ ᠶᠢᠨ ᠬᠠᠩᠭᠠᠯᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠮᠤ ᠪᠤᠳᠠᠭᠠᠨ ᠤ ᠠᠮᠤᠷ ᠲᠦᠪᠰᠢᠨ ᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠶᠢᠨ ᠲᠦᠯᠦᠭᠡ᠂ 5 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠥᠬᠦ ᠣᠷᠣᠨ ᠤ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠵᠢᠴᠢ ᠠᠮᠤ ᠲᠣᠰᠣᠨ ᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠮᠡᠷᠭᠡᠵᠢᠯ ᠲᠣᠨᠣᠭᠯᠠᠯ ᠤᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠠᠩ ᠬᠤᠸᠠ ᠵᠧᠨ ᠪᠣᠯᠪᠠᠰᠤᠷᠠᠯ ᠤᠨ ᠠᠩᠭᠢ ᠳᠤ ᠣᠷᠣᠯᠴᠠᠵᠤ ᠶᠠᠷᠢᠶ᠎ᠠ ᠲᠠᠯᠪᠢᠪᠠ᠃
1.png
       ᠪᠣᠯᠪᠠᠰᠤᠷᠠᠯ ᠤᠨ ᠠᠩᠭᠢ ᠳᠤ᠂ ᠳᠡᠳ᠋ ᠥᠷᠲᠡᠭᠡᠨ ᠳᠠᠷᠤᠭ᠎ᠠ ᠰᠢᠦᠢ ᠵᠧᠨ ᠰᠢᠩ᠂ ᠬᠤᠷᠢᠶᠠᠨ ᠳᠠᠷᠤᠭ᠎ᠠ ᠯᠦ ᠵᠠᠨ ᠶᠤᠸᠠᠨ᠂ ᠰᠤᠳᠤᠯᠤᠭᠴᠢ ᠯᠢ ᠱᠣᠣ ᠺᠦᠨ᠂ ᠭᠠᠵᠠᠷ ᠤᠨ ᠳᠠᠷᠤᠭ᠎ᠠ ᠸᠠᠩ ᠴᠤᠤ ᠵᠡᠷᠭᠡ ᠳᠥᠷᠪᠡᠨ ᠲᠤᠰᠬᠠᠢ ᠮᠡᠷᠭᠡᠵᠢᠯᠲᠡᠨ᠂ ᠮᠠᠨ ᠤ ᠤᠯᠤᠰ ᠤᠨ ᠲᠠᠷᠢᠶᠠᠯᠠᠩ ᠤᠨ ᠮᠠᠰᠢᠨᠴᠢᠯᠠᠯᠲᠠ ᠶᠢᠨ ᠬᠥᠭᠵᠢᠯᠲᠡ ᠶᠢᠨ ᠪᠠᠶᠢᠳᠠᠯ ᠤᠨ ᠡᠭᠦᠷᠭᠡ ᠪᠣᠯᠣᠨ ᠰᠡᠳᠬᠢᠴᠡ ᠠᠷᠭ᠎ᠠ ᠬᠡᠮᠵᠢᠶ᠎ᠡ ᠠᠴᠠ ᠰᠢᠷ᠎ᠠ ᠪᠤᠷᠴᠠᠭ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢᠨ ᠮᠠᠰᠢᠨᠴᠢᠯᠠᠯᠲᠠ ᠶᠢᠨ ᠮᠡᠷᠭᠡᠵᠢᠯ ᠪᠣᠯᠣᠨ ᠲᠤᠨᠤᠭ ᠲᠥᠬᠦᠭᠡᠷᠦᠮᠵᠢ ᠶᠢ ᠳᠡᠭᠡᠭᠰᠢᠯᠡᠭᠦᠯᠵᠦ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠡᠷᠦᠩᠬᠡᠶᠢᠯᠡᠭᠰᠡᠨ ᠰᠢᠢᠳᠪᠦᠷᠢᠯᠡᠬᠦ ᠲᠥᠰᠥᠯ︱ᠡᠷᠳᠡᠨᠢ ᠰᠢᠰᠢ ᠶᠢ ᠨᠢᠭᠲᠠ ᠲᠠᠷᠢᠵᠦ ᠨᠠᠷᠢᠯᠢᠭ ᠣᠨᠣᠪᠴᠢᠲᠠᠢ ᠪᠠᠷ ᠥᠨᠳᠥᠷ ᠤᠨᠠᠯᠲᠠ ᠶᠢᠨ ᠮᠡᠷᠭᠡᠵᠢᠯ ᠢ ᠲᠣᠬᠢᠷᠠᠭᠤᠯᠤᠨ ᠡᠵᠡᠮᠳᠡᠬᠦ᠂ ᠰᠢᠷ᠎ᠠ ᠪᠤᠷᠴᠠᠭ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠪᠦᠬᠦ ᠶᠠᠪᠤᠴᠠ ᠶᠢᠨ ᠮᠠᠰᠢᠨᠴᠢᠯᠠᠯᠲᠠ ᠶᠢᠨ ᠪᠠᠲᠤᠯᠠᠪᠤᠷᠢ ᠶᠢᠨ ᠮᠡᠷᠭᠡᠵᠢᠯ ᠢ ᠳᠡᠯᠭᠡᠷᠡᠭᠦᠯᠬᠦ ᠲᠠᠯ᠎ᠠ ᠪᠠᠷ ᠭᠤᠶᠢᠳᠠ ᠰᠠᠶᠢᠬᠠᠨ ᠲᠠᠶᠢᠯᠤᠮᠵᠢ ᠬᠢᠵᠦ᠂ ᠨᠠᠷᠢᠯᠢᠭ ᠲᠠᠯ᠎ᠠ ᠠᠴᠠ ᠪᠣᠯᠪᠠᠰᠤᠷᠠᠯ ᠳᠤ ᠣᠷᠣᠯᠴᠠᠭᠰᠠᠳ ᠲᠤ ᠮᠡᠷᠭᠡᠵᠢᠯ ᠤᠨ ᠤᠭ ᠶᠣᠰᠣ ᠶᠢ ᠣᠶᠢᠯᠠᠭᠠᠭᠤᠯᠵᠤ᠂ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ᠂ ᠮᠡᠷᠭᠡᠵᠢᠯ ᠢ ᠡᠵᠡᠮᠰᠢᠭᠦᠯᠦᠭᠰᠡᠨ ᠢᠶᠠᠷ ᠪᠠᠷᠠᠬᠤ ᠦᠭᠡᠢ ᠪᠠᠰᠠ ᠪᠦᠬᠦ ᠲᠠᠯ᠎ᠠ ᠶᠢᠨ ᠬᠠᠷᠠᠭᠠᠰᠤ ᠠᠴᠠ ᠪᠣᠯᠪᠠᠰᠤᠷᠠᠯ ᠳᠤ ᠣᠷᠣᠯᠴᠠᠭᠰᠠᠳ ᠤᠨ ᠬᠠᠷᠠᠭ᠎ᠠ ᠶᠢ ᠥᠷᠭᠡᠳᠬᠡᠵᠦ᠂ ᠰᠡᠳᠬᠢᠴᠡ ᠶᠢ ᠨᠢ ᠨᠡᠭᠡᠭᠡᠵᠦ᠂ ᠲᠥᠭᠡᠷᠢᠭᠳᠡᠯ ᠢ ᠨᠢ ᠠᠯᠳᠠᠷᠠᠭᠠᠭᠰᠠᠨ ᠪᠠᠶᠢᠨ᠎ᠠ᠃
2.png
       ᠪᠣᠯᠪᠠᠰᠤᠷᠠᠯ ᠳᠤ ᠵᠢᠭᠠᠵᠤ ᠭᠠᠷᠭᠠᠭᠰᠠᠨ ᠨᠢ᠂ ᠠᠮᠤ ᠪᠤᠳᠠᠭᠠᠨ ᠤ ᠬᠤᠬᠢᠷᠠᠯ ᠢ ᠪᠠᠭᠠᠰᠬᠠᠬᠤ ᠪᠣᠯ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠵᠠᠮ ᠮᠥᠨ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠤᠬᠢᠷᠠᠯ ᠢ ᠪᠠᠭᠠᠰᠬᠠᠬᠤ ᠪᠣᠯ ᠣᠷᠣᠯᠭ᠎ᠠ ᠶᠢ ᠨᠡᠮᠡᠭᠳᠡᠭᠦᠯᠵᠦ ᠪᠠᠶᠢᠭ᠎ᠠ ᠶᠠᠪᠤᠳᠠᠯ ᠮᠥᠨ ᠭᠡᠬᠦ ᠣᠶᠢᠯᠠᠭᠠᠭᠳᠠᠬᠤᠨ ᠢ ᠲᠤᠭᠤᠰᠢᠯᠠᠭᠤᠯᠵᠤ᠂ ᠠᠮᠤ ᠪᠤᠳᠠᠭᠠᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠡᠯ᠎ᠡ ᠵᠠᠩᠭᠢᠯᠠᠭ᠎ᠠ ᠳᠤ ᠠᠷᠪᠢᠯᠠᠨ ᠭᠠᠮᠨᠠᠵᠤ ᠬᠤᠬᠢᠷᠠᠯ ᠢ ᠪᠠᠭᠠᠰᠬᠠᠵᠤ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠲᠦᠯᠬᠢᠨ ᠠᠬᠢᠭᠤᠯᠬᠤ ᠬᠡᠷᠡᠭᠲᠡᠢ᠃ ᠭᠤᠣᠯᠳᠠᠯᠭ᠎ᠠ ᠨᠢ ᠪᠦᠬᠦ ᠶᠠᠪᠤᠴᠠ ᠶᠢᠨ ᠮᠠᠰᠢᠨᠴᠢᠯᠠᠯᠲᠠ ᠶᠢᠨ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠬᠡᠷᠡᠭᠯᠡᠯᠲᠡ ᠶᠢ ᠶᠡᠭᠡ ᠪᠠᠷ ᠠᠬᠢᠭᠤᠯᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠣᠷᠣᠭᠤᠯᠤᠨ ᠳᠡᠯᠭᠡᠷᠡᠭᠦᠯᠬᠦ ᠳᠡᠭᠡᠷ᠎ᠡ ᠬᠦᠴᠦ ᠲᠠᠯᠪᠢᠵᠤ᠂ ᠨᠠᠷᠢᠯᠢᠭ ᠬᠡᠮᠵᠢᠶᠡᠨ ᠤ ᠵᠠᠮᠴᠢᠯᠠᠨ ᠲᠠᠷᠢᠬᠤ ᠪᠠ ᠵᠢᠯᠣᠭᠤᠴᠢ ᠦᠭᠡᠢ ᠨᠢᠰᠬᠡᠯ ᠵᠡᠷᠭᠡ ᠲᠣᠮᠣ ᠬᠡᠯᠪᠡᠷᠢ ᠶᠢᠨ ᠤᠷᠭᠤᠮᠠᠯ ᠤᠨ ᠬᠠᠮᠠᠭᠠᠯᠠᠯᠲᠠ ᠶᠢᠨ ᠠᠵᠢᠯᠯᠠᠭᠠᠨ ᠤ ᠮᠠᠰᠢᠨ ᠢ ᠬᠡᠷᠡᠭᠯᠡᠬᠦ ᠶᠢ ᠵᠣᠷᠢᠭᠵᠢᠭᠤᠯᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ ᠬᠤᠷᠢᠶᠠᠯᠲᠠ ᠶᠢᠨ ᠮᠡᠷᠭᠡᠵᠢᠯ ᠤᠨ ᠪᠣᠯᠪᠠᠰᠤᠷᠠᠯ ᠤᠨ ᠵᠢᠯᠣᠭᠤᠳᠤᠯᠭ᠎ᠠ ᠪᠣᠯᠣᠨ ᠶᠠᠰᠤ ᠴᠢᠨᠠᠷ ᠤᠨ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠵᠦ᠂ ᠮᠠᠰᠢᠨ ᠢᠶᠠᠷ ᠬᠤᠷᠢᠶᠠᠵᠤ ᠬᠤᠬᠢᠷᠠᠯ ᠢ ᠪᠠᠭᠠᠰᠬᠠᠬᠤ ᠪᠠᠷ ᠬᠦᠴᠦᠯᠡᠨ ᠴᠢᠷᠮᠠᠶᠢᠵᠤ᠂ ᠪᠤᠭᠤᠳᠠᠢ ᠶᠢᠨ ᠮᠠᠰᠢᠨ ᠢᠶᠠᠷ ᠬᠤᠷᠢᠶᠠᠬᠤ ᠳᠤᠮᠳᠠᠴᠢ ᠬᠤᠬᠢᠷᠠᠯ ᠤᠨ ᠨᠤᠷᠮ᠎ᠠ ᠶᠢ 1% ᠶᠢᠨ ᠳᠣᠲᠣᠷ᠎ᠠ ᠬᠦᠷᠲᠡᠯ᠎ᠡ ᠪᠠᠭᠤᠷᠠᠭᠤᠯᠵᠤ᠂ ᠤᠰᠤᠨ ᠲᠤᠲᠤᠷᠭ᠎ᠠ ᠶᠢᠨ ᠮᠠᠰᠢᠨ ᠢᠶᠠᠷ ᠬᠤᠷᠢᠶᠠᠬᠤ ᠳᠤᠮᠳᠠᠴᠢ ᠬᠤᠬᠢᠷᠠᠯ ᠤᠨ ᠨᠤᠷᠮ᠎ᠠ ᠶᠢ 2% ᠤᠨ ᠳᠣᠲᠣᠷ᠎ᠠ ᠬᠦᠷᠲᠡᠯ᠎ᠡ ᠪᠠᠭᠤᠷᠠᠭᠤᠯᠵᠤ᠂ ᠡᠷᠳᠡᠨᠢ ᠰᠢᠰᠢ ᠶᠢᠨ ᠪᠦᠬᠦᠯᠢ ᠴᠣᠭᠴᠠ ᠶᠢᠨ ᠮᠠᠰᠢᠨ ᠢᠶᠠᠷ ᠬᠤᠷᠢᠶᠠᠬᠤ ᠳᠤᠮᠳᠠᠴᠢ ᠬᠤᠬᠢᠷᠠᠯ ᠤᠨ ᠨᠤᠷᠮ᠎ᠠ ᠶᠢ 2.2% ᠤᠨ ᠳᠣᠲᠣᠷ᠎ᠠ ᠬᠢᠵᠠᠭᠠᠷᠯᠠᠵᠤ᠂ ᠰᠢᠷ᠎ᠠ ᠪᠤᠷᠴᠠᠭ ᠤᠨ ᠮᠠᠰᠢᠨ ᠢᠶᠠᠷ ᠬᠤᠷᠢᠶᠠᠬᠤ ᠳᠤᠮᠳᠠᠴᠢ ᠬᠤᠬᠢᠷᠠᠯ ᠤᠨ ᠨᠤᠷᠮ᠎ᠠ ᠶᠢ 3% ᠶᠢᠨ ᠳᠣᠲᠣᠷ᠎ᠠ ᠬᠢᠵᠠᠭᠠᠷᠯᠠᠵᠤ᠂ ᠰᠢᠯᠢᠮᠳᠡᠭ ᠤᠨ ᠮᠠᠰᠢᠨ ᠢᠶᠠᠷ ᠬᠤᠷᠢᠶᠠᠬᠤ ᠳᠤᠮᠳᠠᠴᠢ ᠬᠤᠬᠢᠷᠠᠯ ᠤᠨ ᠨᠤᠷᠮ᠎ᠠ ᠶᠢ 6%  ᠶᠢᠨ ᠳᠣᠲᠣᠷ᠎ᠠ ᠬᠢᠵᠠᠭᠠᠷᠯᠠᠬᠤ ᠬᠡᠷᠡᠭᠲᠡᠢ ᠭᠡᠵᠡᠢ᠃      ᠪᠣᠯᠪᠠᠰᠤᠷᠠᠯ ᠳᠤ ᠵᠢᠭᠠᠵᠤ ᠭᠠᠷᠭᠠᠭᠰᠠᠨ ᠨᠢ᠂ ᠠᠮᠤ ᠲᠣᠰᠣ ᠵᠡᠷᠭᠡ ᠭᠤᠣᠯ ᠪᠣᠯᠬᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠬᠦ ᠪᠣᠯ ᠡᠨᠡ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠡᠷᠢᠭᠦᠨ ᠢᠨᠵᠧᠨᠧᠷᠢᠩ ᠪᠣᠯᠣᠨ᠎ᠠ᠂ ᠮᠠᠨ ᠤ ᠣᠷᠣᠨ ᠤᠯᠤᠰ ᠤᠨ ᠡᠷᠳᠡᠨᠢ ᠰᠢᠰᠢ ᠪᠠ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠦᠷᠦᠯ ᠵᠦᠢᠯ ᠤᠨ ᠶᠡᠷᠦᠩᠬᠡᠢ ᠪᠡᠯᠡ ᠮᠥᠩᠭᠦ ᠪᠣᠯᠣᠨ ᠨᠡᠮᠡᠭᠳᠡᠯ ᠤᠨ ᠬᠡᠮᠵᠢᠶ᠎ᠡ ᠶᠢ ᠪᠦᠬᠦ ᠤᠯᠤᠰ ᠤᠨ ᠨᠢᠭᠡᠳᠦᠭᠡᠷ ᠲᠤ ᠣᠷᠣᠭᠤᠯᠬᠤ ᠪᠠᠷ ᠴᠢᠷᠮᠠᠶᠢᠵᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠠᠵᠠ ᠲᠣᠬᠢᠶᠠᠯ ᠢ ᠠᠮᠵᠢᠵᠤ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠤᠨ ᠬᠥᠮᠥᠷᠭᠡ ᠶᠢᠨ ᠰᠢᠰᠲ᠋ᠧᠮ ᠤᠨ ᠲᠠᠭᠯᠠᠨ ᠮᠡᠳᠡᠭᠦᠯᠬᠦ ᠪᠠ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠷᠳᠡᠨᠢ ᠰᠢᠰᠢ ᠪᠠ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ 40 ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠢ ᠪᠥᠬᠦ ᠬᠦᠴᠦᠨ ᠢᠶᠠᠷ ᠢᠶᠠᠨ ᠰᠠᠶᠢᠲᠤᠷ ᠪᠦᠲᠦᠭᠡᠨ ᠪᠠᠶᠢᠭᠤᠯᠵᠤ᠂ ᠪᠥᠬᠦ ᠣᠷᠣᠨ ᠤ 600 ᠭᠠᠷᠤᠢ ᠲᠦᠮᠡᠨ ᠮᠦ ᠪᠠᠷᠠᠭ᠎ᠠ ᠭᠠᠷᠭᠠᠵᠤ ᠠᠪᠬᠤ ᠬᠠᠭᠤᠳᠠᠰᠤ ᠶᠢᠨ ᠤᠨᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠳᠠᠶᠢᠴᠢᠯᠠᠨ ᠪᠠᠶᠢᠭᠤᠯᠵᠤ᠂ ᠪᠥᠬᠦ ᠣᠷᠣᠨ ᠤ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠠ ᠪᠥᠬᠦ ᠵᠢᠯ ᠤᠨ ᠡᠯᠪᠡᠭ ᠬᠤᠷᠢᠶᠠᠯᠲᠠ ᠣᠯᠬᠤ ᠳᠤ ᠰᠠᠶᠢᠨ ᠰᠠᠭᠤᠷᠢ ᠲᠠᠯᠪᠢᠵᠤ ᠦᠩᠭᠡᠬᠦ ᠬᠡᠷᠡᠭᠲᠡᠢ ᠭᠡᠵᠡᠢ᠃      ᠪᠣᠯᠪᠠᠰᠤᠷᠠᠯ ᠤᠨ ᠠᠩᠭᠢ ᠲᠤᠬᠠᠢ ᠶᠢᠨ ᠡᠳᠦᠷ᠂ ᠪᠣᠯᠪᠠᠰᠤᠷᠠᠯ ᠳᠤ ᠣᠷᠣᠯᠴᠠᠭᠰᠠᠳ ᠲᠦᠮᠡᠳ ᠵᠡᠭᠦᠨ ᠬᠤᠰᠢᠭᠤᠨ ᠤ ᠲᠠᠪᠤᠰᠠᠶᠢᠨ ᠰᠢᠶᠠᠩ ᠤᠨ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠭᠤᠣᠯ ᠣᠷᠣᠨ ᠪᠠ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠦᠵᠡᠭᠦᠯᠭᠡ ᠶᠢᠨ ᠲᠣᠭᠤᠷᠢᠭ ᠢ ᠲᠣᠭᠤᠷᠢᠨ ᠦᠵᠡᠵᠦ᠂ ᠣᠯᠠᠨ ᠢᠶᠠᠷ ᠢᠶᠠᠨ ᠲᠠᠷᠢᠶᠠᠨ ᠭᠠᠵᠠᠷ ᠲᠤ ᠲᠣᠭᠤᠷᠢᠨ ᠦᠵᠡᠵᠦ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠡᠯ᠎ᠡ ᠵᠦᠢᠯ ᠤᠨ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠶᠠᠷᠢᠯᠴᠠᠪᠠ᠃      ᠲᠣᠰ ᠤᠳᠠᠭᠠᠨ ᠤ ᠪᠣᠯᠪᠠᠰᠤᠷᠠᠯ ᠤᠨ ᠠᠩᠭᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ + ᠲᠤᠬᠠᠢ ᠶᠢᠨ ᠲᠠᠯᠠᠪᠤᠷ ᠲᠤ ᠵᠢᠭᠠᠨ ᠰᠤᠷᠭᠠᠬᠤ + ᠲᠧᠩ ᠰᠢᠶᠦ᠋ᠨ ᠰᠢᠭᠤᠳ ᠨᠡᠪᠲᠡᠷᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠵᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠤᠨ ᠮᠠᠰᠢᠨ᠂ ᠲᠠᠷᠢᠮᠠᠯ ᠤᠨ ᠦᠢᠯᠡᠰ ᠤᠨ ᠰᠠᠯᠠᠭ᠎ᠠ ᠮᠥᠴᠢᠷ ᠤᠨ ᠨᠡᠶᠢᠲᠡ 130 ᠭᠠᠷᠤᠢ ᠬᠥᠮᠥᠨ ᠣᠷᠣᠯᠴᠠᠵᠠᠢ᠃ 
3.png
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号