ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2024/5/30
      5 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠦᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠣᠯᠪᠠᠰᠤᠷᠠᠯ ᠤᠨ ᠠᠩᠭᠢ ᠡᠷᠬᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠨ᠂ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠦᠷ᠎ᠡ ᠪᠦᠲᠦᠮᠵᠢ ᠶᠢ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠤᠭ᠎ᠠ ᠳᠤ ᠲᠠᠶᠢᠯᠤᠮᠵᠢ ᠪᠣᠯᠪᠠᠰᠤᠷᠠᠯ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ ᠳᠠᠷᠤᠭ᠎ᠠ ᠬᠠᠶᠢᠱᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ 
11.png
       ᠪᠣᠯᠪᠠᠰᠤᠷᠠᠯ ᠳᠤ ᠵᠢᠭᠠᠵᠤ ᠭᠠᠷᠭᠠᠭᠰᠠᠨ ᠨᠢ᠂ ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠢ ᠪᠦᠲᠦᠮᠵᠢᠲᠡᠶ ᠵᠣᠯᠭᠠᠭᠤᠯᠬᠤ ᠠᠵᠢᠯ ᠤᠨ ᠯᠠᠪᠳᠠᠭᠤᠨ ᠢᠶᠠᠷ ᠤᠷᠤᠭᠰᠢ ᠠᠬᠢᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠠᠵᠢᠯ ᠤᠨ ᠤᠳᠤᠷᠢᠳᠤᠮᠵᠢ ᠶᠢᠨ ᠲᠠᠯ᠎ᠠ ᠪᠠᠷ᠂ ᠡᠩᠨᠡᠭᠡ ᠠᠴᠠ ᠬᠤᠴᠣᠷᠤᠭᠤᠯᠬᠤ ᠦᠭᠡᠢ ᠪᠠᠷ ᠭᠦᠢᠴᠡᠵᠦ᠂ ᠲᠥᠪᠯᠡᠷᠡᠭᠦᠯᠦᠨ ᠳᠡᠮᠵᠢᠬᠦ᠂ ᠱᠠᠲᠤ ᠬᠤᠪᠢᠶᠠᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠬᠥᠭᠵᠢᠯᠲᠡ ᠶᠢ ᠠᠬᠢᠭᠤᠯᠵᠤ᠂ ᠤᠯᠠᠨ ᠲᠠᠯ᠎ᠠ ᠶᠢᠨ ᠬᠢᠨ ᠣᠷᠣᠯᠴᠠᠵᠤ᠂ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ ᠬᠥᠭᠵᠢᠯᠲᠡ ᠶᠢᠨ ᠬᠠᠷᠠᠯᠲᠠ ᠶᠢᠨ ᠲᠠᠯ᠎ᠠ ᠪᠠᠷ᠂ ᠬᠤᠷᠢᠭ᠎ᠠ ᠱᠤᠭᠤᠮ ᠢ ᠰᠠᠬᠢᠵᠤ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠡᠭᠡᠷ᠎ᠡ ᠠᠩᠬᠠᠷᠤᠯ ᠢᠶᠠᠨ ᠲᠦᠪᠯᠡᠷᠡᠭᠦᠯᠬᠦ ᠬᠡᠷᠡᠭᠲᠡᠢ᠃ ᠬᠡᠪᠴᠢᠶᠡᠵᠢᠯ ᠤᠨ ᠴᠢᠨᠠᠷᠲᠠᠢ ᠶᠠᠳᠠᠭᠤᠷᠠᠯ ᠳᠠᠬᠢᠨ ᠡᠬᠦᠰᠬᠦ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠬᠦᠴᠦᠲᠡᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠭᠤᠣᠯ ᠡᠭᠦᠷᠭᠡ ᠶᠢᠨ ᠲᠠᠯ᠎ᠠ ᠪᠠᠷ᠂ ᠭᠤᠣᠯᠳᠠᠯᠭ᠎ᠠ ᠲᠠᠢ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠳᠠᠯᠠᠬᠤ ᠬᠡᠷᠡᠭᠲᠡᠢ᠃ ᠶᠠᠳᠠᠭᠤᠷᠠᠯ ᠳᠠᠬᠢᠨ ᠡᠬᠦᠰᠬᠦ ᠶᠢ ᠰᠡᠷᠭᠡᠶᠢᠯᠡᠨ ᠬᠤᠷᠢᠭᠯᠠᠬᠤ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠰᠠᠶᠢᠲᠤᠷ ᠠᠳᠬᠤᠵᠤ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠣᠨᠴᠠᠯᠢᠭᠲᠤ ᠠᠵᠤ ᠦᠢᠯᠡᠰ ᠤᠨ ᠦᠷᠭᠦᠯᠵᠢᠯᠡᠨ ᠬᠥᠭᠵᠢᠬᠦ ᠶᠢ ᠲᠦᠯᠬᠢᠨ ᠠᠬᠢᠭᠤᠯᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠶᠢᠨ ᠳᠠᠷᠠᠭᠠᠬᠢ ᠲᠡᠳᠬᠦᠮᠵᠢ ᠶᠢ ᠠᠬᠢᠭᠤᠯᠬᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠭᠦᠢᠴᠡᠳᠭᠡᠬᠦ ᠬᠡᠷᠡᠭᠲᠡᠢ᠃ ᠳᠡᠮᠵᠢᠬᠦ ᠲᠦᠷᠦ ᠶᠢᠨ ᠪᠣᠳᠣᠯᠭ᠎ᠠ ᠶᠢᠨ ᠲᠠᠯ᠎ᠠ ᠪᠠᠷ᠂ ᠲᠥᠪᠯᠡᠷᠡᠭᠦᠯᠦᠨ ᠬᠠᠪᠰᠤᠷᠤᠨ ᠲᠡᠳᠬᠦᠵᠦ ᠬᠡᠯᠪᠡᠶᠢᠯᠭᠡᠬᠦ ᠶᠢ ᠴᠢᠩᠭᠠᠳᠬᠠᠬᠤ ᠬᠡᠷᠡᠭᠲᠡᠢ᠃ ᠡᠳ᠋ ᠤᠨ ᠵᠠᠰᠠᠭ᠂ ᠮᠥᠩᠭᠦᠨ ᠭᠦᠢᠯᠭᠡᠭᠡ᠂ ᠭᠠᠵᠠᠷ ᠰᠢᠷᠣᠢ᠂ ᠴᠢᠳᠠᠪᠤᠷᠢᠲᠠᠨ᠂ ᠨᠡᠶᠢᠭᠡᠮ ᠤᠨ ᠬᠠᠪᠰᠤᠷᠤᠨ ᠲᠡᠳᠬᠦᠬᠦ᠂ ︽ᠪᠦᠯᠬᠦᠮ ᠮᠠᠶ᠋ᠢᠭ︾ ᠢᠶᠠᠷ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠬᠡᠯᠪᠡᠶᠢᠯᠭᠡᠨ ᠳᠡᠮᠵᠢᠬᠦ ᠶᠢ ᠴᠢᠩᠭᠠᠳᠬᠠᠬᠤ ᠬᠡᠷᠡᠭᠲᠡᠢ ᠭᠡᠵᠡᠢ᠃ 
22.png
       ᠪᠣᠯᠪᠠᠰᠤᠷᠠᠯ ᠳᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠶᠠᠳᠠᠭᠤᠷᠠᠯ ᠳᠠᠬᠢᠨ ᠡᠬᠦᠰᠬᠦ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠰᠠᠶᠢᠲᠤᠷ ᠠᠰᠢᠭᠯᠠᠵᠤ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠬᠤ᠂ ᠬᠠᠪᠰᠤᠷᠪᠠᠰᠤ ᠵᠣᠬᠢᠬᠤ ᠶᠢ ᠨᠢ ᠪᠦᠬᠦᠨ ᠢ ᠬᠠᠪᠰᠤᠷᠬᠤ᠂ ᠡᠮᠬᠢ ᠵᠢᠷᠤᠮ ᠲᠠᠢ ᠪᠠᠷ ᠤᠬᠤᠷᠢᠨ ᠭᠠᠷᠬᠤ ᠶᠢ ᠪᠠᠲᠤᠯᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠣᠷᠣᠨ ᠤ ᠳᠣᠲᠣᠷᠠᠬᠢ ᠠᠵᠢᠯ ᠣᠯᠭᠤᠯᠲᠠ ᠶᠢᠨ ᠲᠠᠯᠳᠠ ᠬᠦᠴᠦᠨ ᠢ ᠭᠦᠨ ᠠᠭᠤᠳᠠᠯᠵᠤ᠂ ᠣᠷᠣᠨ ᠤ ᠭᠠᠳᠠᠨᠠᠬᠢ ᠠᠵᠢᠯ ᠣᠯᠭᠤᠯᠲᠠ ᠶᠢᠨ ᠠᠷᠭ᠎ᠠ ᠵᠠᠮ ᠢ ᠲᠣᠭᠲᠠᠪᠤᠷᠢᠵᠢᠭᠤᠯᠬᠤ ᠬᠡᠷᠡᠭᠲᠡᠢ᠃ ᠬᠠᠪᠰᠤᠷᠤᠨ ᠲᠡᠳᠬᠦᠬᠦ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠳᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠠᠵᠤ ᠦᠢᠯᠡᠰ ᠪᠠ ᠴᠢᠨᠠᠷ ᠰᠠᠶᠢᠲᠠᠢ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠦᠭᠵᠢᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠰᠠᠶᠢᠲᠤᠷ ᠠᠳᠬᠤᠵᠤ᠂ ︽ᠠᠷᠠᠳ ᠢ ᠪᠠᠶᠠᠵᠢᠭᠤᠯᠬᠤ ᠵᠢᠭᠡᠯᠡᠯᠭᠡ︾ ᠶᠢᠨ ᠦᠢᠯᠡᠳᠬᠦᠨ ᠢ ᠰᠠᠶᠢᠲᠤᠷ ᠬᠡᠷᠡᠭᠯᠡᠬᠦ ᠬᠡᠷᠡᠭᠲᠡᠢ᠃ ᠨᠡᠶᠢᠭᠡᠮ ᠤᠨ ᠬᠠᠪᠰᠤᠷᠤᠨ ᠲᠡᠳᠬᠦᠬᠦ ᠶᠢ ᠦᠷᠭᠦᠯᠵᠢᠯᠡᠨ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠠᠪᠰᠤᠷᠤᠨ ᠲᠡᠳᠬᠦᠬᠦ ᠰᠡᠳᠬᠢᠮᠵᠢ ᠶᠢ ᠲᠦᠷᠭᠡᠳᠬᠡᠨ ᠬᠤᠪᠢᠷᠠᠭᠤᠯᠵᠤ᠂ ᠰᠤᠷᠭᠠᠨ ᠬᠥᠮᠦᠵᠢᠯ ᠡᠮᠴᠢᠯᠡᠭᠡᠨ ᠤ ︽ᠪᠦᠯᠬᠦᠮ ᠮᠠᠶ᠋ᠢᠭ︾ ᠢᠶᠠᠷ ᠬᠠᠪᠰᠤᠷᠤᠨ ᠲᠡᠳᠬᠦᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠣᠷᠤᠯᠴᠠᠭᠤᠯᠬᠤ ᠬᠡᠷᠡᠭᠲᠡᠢ᠃ ᠤᠯᠤᠰ ᠤᠨ ᠦᠷ᠎ᠡ ᠪᠦᠲᠦᠮᠵᠢ ᠶᠢᠨ ᠦᠨᠡᠯᠡᠯᠲᠡ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠪᠠᠷᠢᠮᠵᠢᠶ᠎ᠠ ᠲᠠᠢ ᠬᠠᠷᠭᠤᠭᠤᠯᠵᠤ ᠬᠦᠰᠦᠨᠦᠭᠲᠦ ᠲᠠᠢ ᠬᠠᠷᠭᠤᠭᠤᠯᠵᠤ ᠥᠪᠡᠷ ᠢ ᠪᠠᠨ ᠦᠨᠡᠯᠡᠬᠦ ᠶᠢ ᠥᠷᠨᠢᠭᠦᠯᠵᠦ᠂ ᠥᠪᠡᠷ ᠢ ᠪᠠᠨ ᠦᠨᠡᠯᠡᠬᠦ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠡᠭᠦᠨ ᠢᠶᠠᠷ ᠴᠡᠭᠡᠷᠯᠡᠯ ᠪᠣᠯᠭᠠᠵᠤ᠂ ᠠᠵᠢᠯ ᠤᠨ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠳᠠᠯᠠᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠬᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠪᠣᠯᠪᠠᠰᠤᠷᠠᠯ ᠤᠨ ᠳᠤᠮᠳᠠ ᠪᠠᠰᠠ ᠪᠥᠬᠦ ᠣᠷᠣᠨ ᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ 15 ᠬᠤᠰᠢᠭᠤ ᠰᠢᠶᠠᠨ ᠤ ᠶᠠᠳᠠᠭᠤᠷᠠᠯ ᠳᠠᠬᠢᠨ ᠡᠬᠦᠰᠬᠦ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ᠂ ᠬᠠᠪᠰᠤᠷᠤᠨ ᠲᠡᠳᠬᠦᠬᠦ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ᠂ ᠭᠠᠵᠠᠷ ᠰᠢᠷᠣᠢ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠦᠷ᠎ᠡ ᠪᠦᠲᠦᠮᠵᠢ ᠶᠢ ᠦᠨᠡᠯᠡᠬᠦ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠵᠡᠷᠭᠡ ᠲᠠᠯ᠎ᠠ ᠶᠢᠨ ᠠᠰᠠᠭᠤᠳᠠᠯ ᠢ ᠵᠠᠷᠯᠠᠨ ᠮᠡᠳᠡᠭᠳᠡᠪᠡ᠃      ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠬᠠᠮᠢᠶ᠎ᠠ ᠪᠦᠬᠦᠢ ᠨᠥᠬᠦᠳ ᠪᠣᠯᠪᠠᠰᠤᠷᠠᠯ ᠳᠤ ᠣᠷᠤᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号