ᠣᠶᠢᠷ᠎ᠠ ᠳᠤ᠂ ᠤᠷᠠᠳ ᠤᠨ ᠬᠤᠶᠢᠲᠤ ᠬᠤᠰᠢᠭᠤᠨ ᠤ ᠣᠯᠠᠨ ᠤᠯᠤᠰ ᠤᠨ ᠲᠠᠷᠢᠶᠠᠯᠠᠩ ᠤᠨ ᠦᠵᠡᠰᠭᠦᠯᠡᠩ ᠤᠨ | ᠬᠦᠷᠢᠶᠡᠯᠡᠩ ᠳᠤ ᠬᠥᠮᠥᠰ ᠬᠥᠷᠥᠰᠥ ᠦᠭᠡᠢ ᠪᠠᠷ ᠲᠠᠷᠢᠵᠤ ᠤᠷᠭᠤᠭᠤᠯᠤᠬᠰᠠᠨ ᠰᠢᠨ᠎ᠡ ᠡᠭᠦᠯᠳᠡᠷ ᠤᠨ ᠲᠥᠪᠡᠳ | ᠬᠠᠰᠢ ᠶᠢ ᠲᠡᠭᠦᠭᠡᠳ ᠶᠠᠭᠠᠷᠠᠯᠳᠤᠵᠤ ᠪᠠᠶᠢᠪᠠ᠃ | ︽ᠪᠢᠳᠡ ᠬᠤᠶᠠᠭᠤᠯᠠ ᠡᠨᠡ ᠬᠦ ᠲᠦᠮᠡᠨ ᠲᠡᠭᠰᠢ ᠳᠥᠷᠪᠡᠯᠵᠢᠨ ᠮᠧᠲᠷ ᠤᠨ ᠲᠥᠪᠡᠳ ᠬᠠᠰᠢ ᠶᠢᠨ | ᠲᠢᠩᠬᠢᠮ ᠤᠨ ᠡᠳᠦᠷ ᠳᠣᠳᠣᠮ ᠤᠨ ᠠᠷᠠᠴᠢᠯᠠᠬᠤ ᠠᠵᠢᠯ ᠢ ᠬᠢᠵᠦ ᠪᠠᠶᠢᠨ᠎ᠠ᠃ ᠡᠶᠢᠮᠦ ᠲᠥᠪᠡᠳ ᠬᠠᠰᠢ ᠲᠠᠷᠢᠬᠤ ᠳᠤ | ᠳᠤᠯᠠᠭᠠᠨ ᠤ ᠬᠡᠮᠵᠢᠶ᠎ᠡ᠂ ᠪᠣᠷᠳᠣᠭᠤᠷ ᠤᠨ ᠬᠡᠮᠵᠢᠶ᠎ᠡ᠂ ᠴᠢᠭᠢᠭ ᠤᠨ ᠬᠡᠮᠵᠢᠶ᠎ᠡ ᠵᠡᠷᠭᠡ ᠨᠥᠬᠦᠴᠡᠯ ᠤᠨ ᠲᠠᠯ᠎ᠠ ᠪᠠᠷ ᠴᠢᠩᠭ᠎ᠠ | ᠱᠠᠭᠠᠷᠳᠠᠯᠭ᠎ᠠ ᠲᠠᠢ ᠪᠠᠶᠢᠳᠠᠭ᠃ ᠪᠣᠯᠪᠠᠰᠤᠷᠠᠭᠰᠠᠨ ᠲᠥᠪᠡᠳ ᠬᠠᠰᠢ ᠨᠢ ᠭᠥᠯᠢᠭᠡᠷ ᠪᠥᠮᠪᠥᠷᠢᠭᠡᠨ᠂ ᠬᠠᠯᠢᠰᠤ ᠨᠢ ᠤᠯᠠᠭᠠᠨ᠂ | ᠮᠠᠰᠢ ᠠᠮᠲᠠᠲᠠᠢ᠃ ᠣᠳᠣᠬᠠᠨ ᠳᠤ ᠲᠥᠪᠡᠳ ᠬᠠᠰᠢ ᠵᠢᠩ ᠳᠡᠭᠡᠨ 17 ᠲᠥᠭᠦᠷᠢᠭ ᠲᠤ ᠬᠦᠷᠴᠦ᠂ ᠡᠨᠡ ᠲᠥᠪᠡᠳ | ᠬᠠᠰᠢ ᠶᠢᠨ ᠲᠢᠩᠬᠢᠮ ᠤᠨ ᠵᠢᠯ ᠤᠨ ᠦᠢᠯᠡᠳᠬᠦᠨ ᠤ ᠥᠷᠲᠡᠭ ᠨᠢ 660 ᠲᠦᠮᠡᠨ ᠲᠥᠭᠦᠷᠢᠭ ᠲᠤ ᠬᠦᠷᠴᠦ ᠪᠠᠶᠢᠨ᠎ᠠ︾ | ᠭᠡᠵᠦ ᠠᠵᠢᠯᠲᠠᠨ ᠯᠢᠦ ᠮᠧᠢ ᠯᠢᠩ ᠲᠠᠨᠢᠯᠴᠠᠭᠤᠯᠤᠨ᠎ᠠ᠃ | | | | | ᠣᠶᠢᠯᠠᠭᠠᠭᠰᠠᠨ ᠢᠶᠠᠷ᠂ ᠣᠯᠠᠨ ᠤᠯᠤᠰ ᠤᠨ ᠲᠠᠷᠢᠶᠠᠯᠠᠩ ᠤᠨ ᠦᠵᠡᠰᠭᠦᠯᠡᠩ ᠤᠨ ᠬᠦᠷᠢᠶᠡᠯᠡᠩ ᠳᠤ 4 ᠲᠦᠮᠡᠨ | ᠲᠡᠭᠰᠢ ᠳᠥᠷᠪᠡᠯᠵᠢᠨ ᠮᠸᠲᠷ ᠤᠨ ᠥᠨᠳᠥᠷ ᠪᠠᠷᠢᠮᠵᠢᠶᠠᠲᠤ ᠣᠶᠤᠨᠴᠢᠯᠠᠭᠰᠠᠨ ᠰᠢᠯ ᠬᠦᠯᠡᠮᠵᠢᠨ ᠳᠤ ᠤᠰᠤ | ᠪᠣᠷᠳᠣᠭᠤᠷ ᠢ ᠨᠢᠭᠡ ᠴᠣᠭᠴᠠᠵᠢᠭᠤᠯᠤᠨ ᠡᠵᠡᠮᠳᠡᠬᠦ᠂ ᠳᠤᠯᠠᠭᠠᠨ ᠢ ᠠᠦ᠋ᠲ᠋ᠣ᠋ ᠡᠵᠡᠮᠳᠡᠬᠦ᠂ ᠣᠶᠤᠨᠴᠢ ᠪᠠᠷ ᠳᠤᠰᠤᠯᠭᠠᠨ | ᠤᠰᠤᠯᠠᠬᠤ᠂ ᠤᠰᠤ ᠶᠢ ᠡᠷᠭᠢᠯᠳᠦᠭᠦᠯᠦᠨ ᠴᠡᠪᠡᠷᠰᠢᠭᠦᠯᠬᠦ ᠵᠡᠷᠭᠡ ᠰᠢᠰᠲ᠋ᠧᠮ ᠢ ᠢᠵᠢ ᠪᠦᠷᠢᠳᠦᠭᠦᠯᠵᠡᠢ᠃ | ᠤᠷᠠᠳ ᠤᠨ ᠬᠤᠶᠢᠲᠤ ᠬᠤᠰᠢᠭᠤᠨ ᠤ ᠣᠯᠠᠨ ᠤᠯᠤᠰ ᠤᠨ ᠲᠠᠷᠢᠶᠠᠯᠠᠩ ᠤᠨ ᠦᠵᠡᠰᠭᠦᠯᠡᠩ ᠤᠨ | ᠬᠦᠷᠢᠶᠡᠯᠡᠩ ᠤᠨ ᠶᠡᠷᠦᠩᠬᠡᠢ ᠪᠡᠯᠡ ᠣᠷᠣᠭᠤᠯᠤᠯᠲᠠ ᠨᠢ 4.7 ᠳ᠋ᠦᠩᠰᠢᠭᠤᠷ ᠲᠥᠭᠦᠷᠢᠭ ᠲᠤ ᠬᠦᠷᠴᠦ᠂ | ᠬᠦᠷᠢᠶᠡᠯᠡᠩ ᠤᠨ ᠡᠵᠡᠯᠡᠵᠦ ᠪᠠᠶᠢᠭ᠎ᠠ ᠲᠠᠯᠠᠪᠠᠢ ᠨᠢ 3.5 ᠲᠦᠮᠡᠨ ᠮᠦ᠂ ᠭᠤᠣᠯ ᠲᠣᠭᠤᠷᠢᠭ ᠤᠨ ᠲᠠᠯᠠᠪᠠᠢ ᠨᠢ 300 | ᠮᠦ ᠪᠠᠶᠢᠵᠤ᠂ ᠲᠣᠮᠣ ᠳ᠋ᠠᠶᠢᠲ᠋ᠠ ᠶᠢᠨ ᠲᠥᠪ᠂ ᠣᠶᠤᠨᠴᠢᠯᠠᠭᠰᠠᠨ ᠲᠠᠷᠢᠶᠠᠯᠠᠩ ᠤᠨ ᠦᠵᠡᠭᠦᠯᠭᠡ ᠶᠢᠨ ᠲᠢᠩᠬᠢᠮ ᠵᠢᠴᠢ | ᠳᠡᠭᠡᠳᠦ ᠪᠠᠷᠢᠮᠵᠢᠶᠠᠲᠤ ᠣᠶᠤᠨᠴᠢᠯᠠᠭᠰᠠᠨ ᠳᠤᠯᠠᠭᠠᠨ ᠬᠦᠯᠡᠮᠵᠢ ᠵᠡᠷᠭᠡ ᠰᠢᠨ᠎ᠡ ᠭᠡᠯᠪᠡᠷᠢ ᠶᠢᠨ ᠳᠤᠯᠠᠭᠠᠨ ᠬᠦᠯᠡᠮᠵᠢ | ᠪᠠᠭᠲᠠᠵᠤ᠂ ᠡᠭᠦᠨ ᠤ ᠬᠠᠮᠲᠤ ᠤᠰᠤ᠂ ᠪᠣᠷᠳᠣᠭᠤᠷ᠂ ᠳᠤᠯᠠᠭᠠᠨ᠂ ᠭᠡᠷᠡᠯ ᠤᠨ ᠣᠶᠤᠨᠴᠢᠯᠠᠭᠰᠠᠨ ᠲᠣᠬᠢᠷᠠᠭᠤᠯᠭ᠎ᠠ ᠶᠢᠨ | ᠲᠥᠬᠦᠭᠡᠷᠦᠮᠵᠢ ᠶᠢ ᠢᠵᠢ ᠪᠦᠷᠢᠳᠦᠭᠦᠯᠪᠡ᠃ | ᠣᠶᠢᠯᠠᠭᠠᠭᠰᠠᠨ ᠢᠶᠠᠷ᠂ ᠡᠨᠡ ᠵᠢᠯ ᠤᠨ 2 ᠰᠠᠷ᠎ᠠ ᠳᠤ ᠵᠠᠬ᠎ᠠ ᠳᠡᠯᠭᠡᠭᠦᠷ ᠲᠤ ᠭᠠᠷᠤᠭᠰᠠᠨ ᠠᠴᠠ ᠨᠠᠭᠠᠰᠢ᠂ ᠲᠤᠰ | ᠲᠠᠷᠢᠶᠠᠯᠠᠩ ᠤᠨ ᠦᠵᠡᠰᠭᠦᠯᠡᠩ ᠤᠨ ᠬᠦᠷᠢᠶᠡᠯᠡᠩ ᠨᠡᠶᠢᠲᠡ 124 ᠲᠤᠨ ᠲᠥᠪᠡᠳ ᠬᠠᠰᠢ᠂ 35 ᠲᠤᠨ ᠤᠷᠲᠤ | ᠬᠠᠰᠢ ᠶᠢ ᠪᠣᠷᠣᠯᠠᠭᠤᠯᠵᠤ᠂ ᠰᠡᠯᠡᠭᠦᠴᠡᠨ ᠲᠣᠭᠤᠷᠢᠬᠤ ᠵᠢᠭᠤᠯᠴᠢᠯᠠᠭᠴᠢ ᠶᠢ 15 ᠲᠦᠮᠡᠨ ᠬᠥᠮᠥᠨ ᠤᠳᠠᠭ᠎ᠠ ᠭᠥᠯᠢᠶᠡᠨ | ᠠᠪᠴᠠᠢ᠃ |