ᠣᠶᠢᠷ᠎ᠠ ᠳᠤ᠂ ᠲᠠᠶᠢᠪᠤᠰᠧ ᠬᠤᠰᠢᠭᠤᠨ ᠤ ᠡᠯ᠎ᠡ ᠰᠤᠮᠤ ᠰᠢᠶᠠᠩ ᠤᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠲᠤ ᠰᠤᠪᠠᠭ ᠮᠠᠯᠲᠠᠬᠤ᠂ ᠭᠤᠤᠷᠰᠤ ᠬᠤᠭᠤᠯᠠᠢ ᠵᠠᠯᠭᠠᠬᠤ ᠵᠡᠷᠭᠡ ᠠᠵᠢᠯ ᠡᠷᠴᠢᠮᠲᠡᠢ ᠶᠠᠪᠤᠭᠳᠠᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠬᠥᠭᠵᠢᠶᠡᠨᠲᠡᠢ ᠶᠠᠪᠤᠭᠳᠠᠵᠤ ᠪᠠᠶᠢᠨ᠎ᠠ᠃ | ᠣᠶᠢᠯᠠᠭᠠᠭᠰᠠᠨ ᠢᠶᠠᠷ᠂ 2024 ᠣᠨ ᠳᠤ ᠲᠠᠶᠢᠪᠤᠰᠧ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠶ 13.5 ᠲᠦᠮᠡᠨ ᠮᠦ ᠳᠤ ᠬᠦᠷᠴᠦ᠂ ᠰᠢᠯᠢ ᠶᠢᠨ ᠭᠤᠣᠯ | ᠠᠶᠢᠮᠠᠭ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠠᠯᠠᠪᠠᠶ ᠶᠢᠨ | 70% ᠶᠢ ᠡᠵᠡᠯᠡᠪᠡ᠃ ᠡᠭᠦᠨ ᠳᠤ 11.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ | ᠪᠦᠲᠦᠭᠡᠨ ᠪᠠᠶᠢᠭᠤᠯᠵᠤ᠂ 2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠶᠠᠰᠤ ᠴᠢᠨᠠᠷ ᠢ ᠵᠠᠰᠠᠨ | ᠰᠠᠶᠢᠵᠢᠷᠠᠭᠤᠯᠤᠨ᠎ᠠ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 35042.5 ᠲᠦᠮᠡᠨ ᠲᠥᠭᠦᠷᠢᠭ | ᠲᠤ ᠬᠦᠷᠴᠦ᠂ ᠪᠦᠭᠦ ᠬᠤᠰᠢᠭᠤᠨ ᠤ 6 ᠰᠤᠮᠤ ᠰᠢᠶᠠᠩ ᠪᠠᠯᠭᠠᠰᠤᠨ ᠤ 58 ᠵᠠᠰᠠᠭ ᠵᠠᠬᠢᠷᠭᠠᠨ ᠤ ᠭᠠᠴᠠᠭ᠎ᠠ | ᠲᠣᠰᠬᠤᠨ ᠢ ᠬᠠᠮᠤᠷᠴᠠᠢ᠃ | ᠲᠠᠶᠢᠪᠤᠰᠧ ᠬᠤᠰᠢᠭᠤ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ | ᠠᠬᠤᠢ ᠳᠤ ᠵᠣᠬᠢᠴᠠᠭᠤᠯᠬᠤ ᠱᠠᠭᠠᠷᠳᠠᠯᠭ᠎ᠠ ᠪᠠ ︽ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠶᠡᠷᠦᠩᠬᠡᠶᠢᠯᠡᠨ | ᠵᠠᠰᠠᠬᠤ︾ ᠵᠠᠷᠴᠢᠮ ᠢ ᠵᠢᠷᠤᠮᠯᠠᠨ᠂ ᠲᠥᠪᠯᠡᠷᠡᠭᠦᠯᠦᠨ ᠵᠠᠯᠭᠠᠯᠳᠤᠭᠰᠠᠨ᠂ ᠭᠠᠩᠳᠠᠵᠤ ᠤᠰᠤᠲᠤᠪᠠᠴᠤ ᠬᠤᠷᠢᠶᠠᠯᠲᠠ ᠶᠢ | ᠪᠠᠲᠤᠯᠠᠵᠤ ᠳᠡᠶᠢᠯᠭᠦ᠂ ᠤᠰᠤᠨ ᠳᠤ ᠠᠷᠪᠢᠲᠠᠢ᠂ ᠥᠨᠳᠥᠷ ᠦᠷ᠎ᠡ ᠪᠦᠲᠦᠮᠵᠢᠲᠡᠢ᠂ ᠲᠣᠭᠲᠠᠭᠤᠨ ᠪᠥᠭᠡᠳ ᠥᠨᠳᠥᠷ | ᠤᠨᠠᠯᠲᠠ ᠲᠠᠢ᠂ ᠠᠮᠢ ᠠᠬᠤᠢ ᠳᠤ ᠡᠭᠡᠯᠢᠲᠡᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠪᠠᠷ | ᠬᠠᠷᠠᠯᠲᠠ ᠪᠤᠯᠭᠠᠵᠤ᠂ ᠲᠠᠷᠢᠶᠠᠨ ᠭᠠᠵᠠᠷ᠂ ᠤᠰᠤ᠂ ᠣᠢ ᠰᠢᠭᠤᠢ᠂ ᠵᠠᠮ᠂ ᠴᠠᠭᠢᠯᠭᠠᠨ ᠵᠡᠷᠭᠡ ᠶᠢ ᠢᠵᠢ ᠪᠦᠷᠢᠳᠦᠭᠦᠯᠦᠨ | ᠪᠦᠲᠦᠭᠡᠨ ᠪᠠᠶᠢᠭᠤᠯᠤᠭᠰᠠᠨ ᠪᠠᠶᠢᠨ᠎ᠠ᠃ ᠣᠳᠣᠬᠠᠨ ᠪᠤᠯᠲᠠᠯ᠎ᠠ᠂ ᠰᠢᠨ᠎ᠡ ᠪᠠᠷ ᠪᠦᠲᠦᠭᠡᠨ ᠪᠠᠶᠢᠭᠤᠯᠬᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠠᠷᠢᠯᠭ᠎ᠠ ᠡᠬᠢᠯᠡᠭᠦᠯᠦᠭᠰᠡᠨ ᠲᠠᠯᠠᠪᠠᠢ ᠨᠢ 5 ᠲᠦᠮᠡᠨ ᠮᠦ ᠳᠤ ᠬᠦᠷᠴᠦ᠂ ᠨᠢᠭᠡᠨᠲᠡ | ᠪᠦᠲᠦᠭᠡᠨ ᠪᠠᠶᠢᠭᠤᠯᠤᠭᠰᠠᠨ ᠲᠠᠯᠠᠪᠠᠢ ᠨᠢ 2 ᠲᠦᠮᠡᠨ ᠮᠦ ᠳᠤ ᠬᠦᠷᠴᠦ᠂ ᠭᠤᠣᠯᠳᠠᠭᠤ ᠴᠢᠶᠠᠨ ᠶᠢᠨ ᠭᠧᠦ ᠪᠠᠯᠭᠠᠰᠤ᠂ | ᠪᠣᠣᠴᠠᠩ ᠪᠠᠯᠭᠠᠰᠤ᠂ ᠤᠯᠠᠭᠠᠨᠲᠤᠭ ᠪᠠᠯᠭᠠᠰᠤᠨ ᠳᠤ ᠲᠥᠪᠯᠡᠷᠡᠵᠦ ᠪᠠᠶᠢᠨ᠎ᠠ᠃ ᠴᠢᠨᠠᠷ ᠴᠢᠨᠰᠠᠭ᠎ᠠ ᠶᠢ ᠵᠠᠰᠠᠨ | ᠰᠠᠶᠢᠵᠢᠷᠠᠭᠤᠯᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠨᠢᠭᠡᠨᠲᠡ 5000 ᠭᠠᠷᠤᠢ ᠮᠦ | ᠪᠦᠲᠦᠭᠡᠨ ᠪᠠᠶᠢᠭᠤᠯᠵᠤ ᠳᠠᠭᠤᠰᠬᠠᠭᠠᠳ᠂ ᠭᠤᠣᠯᠳᠠᠭᠤ ᠴᠢᠶᠠᠨ ᠶᠢᠨ ᠭᠧᠦ ᠪᠠᠯᠭᠠᠰᠤ ᠪᠠ ᠶᠦᠩ ᠹᠧᠩ | ᠪᠠᠯᠭᠠᠰᠤᠨ ᠳᠤ ᠲᠥᠪᠯᠡᠷᠡᠵᠦ᠂ ᠲᠥᠷᠥᠯ ᠵᠦᠢᠯ ᠢ ᠪᠦᠲᠦᠭᠡᠨ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠪᠦᠭᠦ | ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠢ 63.5 ᠲᠦᠮᠡᠨ ᠮᠦ ᠳᠤ ᠬᠦᠷᠬᠦ ᠪᠣᠯᠣᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠲᠠᠶᠢᠪᠤᠰᠧ ᠬᠤᠰᠢᠭᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠬᠠᠷᠠᠯᠲᠠ ᠶᠢᠨ | ᠲᠣᠭᠤᠷᠢᠨ ᠳᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠦᠨ ᠲᠠᠷᠢᠶᠠᠯᠠᠩ | ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠬᠤ ᠶᠢ ᠣᠨᠴᠠ ᠠᠩᠬᠠᠷᠴᠤ᠂ ᠲᠠᠷᠢᠶᠠᠨ ᠭᠠᠵᠠᠷ ᠤᠨ ᠶᠠᠰᠤ ᠴᠢᠨᠠᠷ ᠢ | ᠳᠡᠭᠡᠭᠰᠢᠯᠡᠭᠦᠯᠵᠦ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠦᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠳᠤ ᠬᠦᠴᠦᠨ ᠨᠡᠮᠡᠷᠢᠯᠡᠵᠡᠢ᠃ |