ᠣᠷᠳᠣᠰ ᠬᠤᠲᠠ 2024 ᠣᠨ ᠤ ᠲᠠᠷᠢᠶᠠᠨ ᠭᠠᠵᠠᠷ ᠤᠨ ᠶᠠᠰᠤ ᠴᠢᠨᠠᠷ ᠤᠨ ᠣᠷᠳᠣ ᠬᠤᠭᠤᠴᠠᠭᠠᠨ ᠤ ᠪᠠᠶᠢᠷᠢ ᠲᠣᠭᠲᠠᠭᠠᠯᠲᠠ ᠶᠢᠨ ᠬᠢᠨᠠᠨ ᠬᠡᠮᠵᠢᠬᠦ ᠴᠡᠭ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ
ᠨᠡᠶᠢᠲᠡᠯᠡᠭᠰᠡᠨ ᠴᠠᠭ᠄
2024/5/31
      ᠪᠥᠬᠦ ᠬᠤᠲᠠ ᠶᠢᠨ ᠲᠠᠷᠢᠶᠠᠨ ᠭᠠᠵᠠᠷ ᠤᠨ ᠶᠠᠰᠤ ᠴᠢᠨᠠᠷ ᠤᠨ ᠣᠷᠳᠣ ᠬᠤᠭᠤᠴᠠᠭᠠᠨ ᠤ ᠪᠠᠶᠢᠷᠢ ᠲᠣᠭᠲᠠᠭᠠᠯᠲᠠ ᠶᠢ ᠬᠢᠨᠠᠨ ᠬᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠡᠭ ᠤᠨ ᠳᠠᠷᠢᠬᠤ ᠠᠵᠢᠯ ᠢ ᠢᠳᠡᠪᠬᠢᠲᠡᠢ ᠨᠢᠭᠡᠳᠦᠯᠲᠡᠢ ᠲᠥᠯᠥᠪᠯᠡᠨ᠂ ᠡᠮᠬᠢ ᠵᠢᠷᠤᠮ ᠲᠠᠢ ᠥᠷᠨᠢᠭᠦᠯᠵᠦ᠂ ᠣᠨ ᠤ ᠬᠢᠨᠠᠨ ᠬᠡᠮᠵᠢᠬᠦ ᠡᠭᠦᠷᠭᠡ ᠶᠢ ᠰᠠᠶᠢᠲᠤᠷ ᠡᠬᠢᠯᠡᠭᠦᠯᠦᠨ᠂ ᠰᠠᠶᠢᠨ ᠡᠬᠢᠯᠡᠯᠲᠡ ᠲᠠᠢ ᠪᠣᠯᠭᠠᠪᠠ᠃
图片1.png
 
2.png
      2018 ᠣᠨ ᠠᠴᠠ ᠨᠠᠭᠠᠰᠢ᠂ ᠣᠷᠳᠣᠰ ᠬᠤᠲᠠ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠢᠳᠡᠪᠬᠢᠲᠡᠢ ᠠᠬᠢᠭᠤᠯᠵᠤ᠂ 2023 ᠣᠨ ᠪᠣᠯᠲᠠᠯ᠎ᠠ᠂ ᠲᠠᠷᠢᠶᠠᠨ ᠭᠠᠵᠠᠷ ᠤᠨ ᠶᠠᠰᠤ ᠴᠢᠨᠠᠷ ᠤᠨ ᠣᠷᠳᠣ ᠬᠤᠭᠤᠴᠠᠭᠠᠨ ᠤ ᠣᠷᠣᠨ ᠪᠠᠶᠢᠷᠢ ᠶᠢᠨ ᠬᠢᠨᠠᠨ ᠬᠡᠮᠵᠢᠬᠦ ᠴᠡᠭ ᠢ 122 ᠠᠵᠢᠯᠯᠠᠭᠤᠯᠵᠤ᠂ ᠡᠭᠦᠨ ᠳᠤ 3 ᠤᠯᠤᠰ ᠤᠨ ᠲᠠᠰ᠂ 60 ᠥᠪᠡᠷᠲᠡᠭᠡᠨ ᠵᠠᠰᠠᠬᠤ ᠣᠷᠣᠨ ᠤ ᠲᠠᠰ᠂ 56 ᠬᠤᠲᠠ ᠶᠢᠨ ᠲᠠᠰ᠂ 3 ᠬᠤᠵᠢᠷᠯᠢᠭ ᠭᠠᠵᠠᠷ ᠤᠨ ᠲᠤᠰᠬᠠᠢ ᠵᠦᠢᠯᠡᠰ ᠪᠠᠶᠢᠵᠤ᠂ ᠪᠦᠷᠢᠨ ᠲᠡᠭᠦᠯᠳᠡᠷ ᠬᠢᠨᠠᠨ ᠬᠡᠮᠵᠢᠬᠦ ᠰᠢᠰᠲ᠋ᠧᠮ ᠢ ᠪᠦᠷᠢᠯᠳᠦᠭᠦᠯᠦᠭᠰᠡᠨ ᠪᠠᠶᠢᠨ᠎ᠠ᠃ 2024 ᠣᠨ ᠳᠤ ᠪᠥᠬᠦ ᠬᠤᠲᠠ ᠶᠢᠨ ᠬᠤᠵᠢᠷᠯᠢᠭ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠵᠢᠷᠯᠢᠭ ᠲᠠᠷᠢᠶᠠᠨ ᠭᠠᠵᠠᠷ ᠢ ᠶᠡᠷᠦᠩᠬᠡᠶᠢᠯᠡᠨ ᠠᠰᠢᠭᠯᠠᠬᠤ ᠳᠠᠯᠳᠠ ᠬᠦᠴᠦᠨ ᠢ ᠠᠭᠤᠳᠠᠯᠤᠨ᠂ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠲᠣᠣᠷ ᠰᠦᠯᠵᠢᠶ᠎ᠡ ᠶᠢᠨ ᠰᠢᠰᠲ᠋ᠧᠮᠵᠢ ᠶᠢ ᠪᠦᠷᠢᠨᠰᠢᠭᠦᠯᠬᠦ ᠶᠢᠨ ᠲᠤᠰᠠᠳᠠ᠂ ᠤᠤᠯ ᠤᠨ ᠪᠠᠶᠢᠭᠰᠠᠨ 122 ᠲᠠᠷᠢᠶᠠᠨ ᠭᠠᠵᠠᠷ ᠤᠨ ᠶᠠᠰᠤ ᠴᠢᠨᠠᠷ ᠤᠨ ᠣᠷᠳᠣ ᠬᠤᠭᠤᠴᠠᠭᠠᠨ ᠤ ᠪᠠᠶᠢᠷᠢ ᠲᠣᠭᠲᠠᠭᠠᠯᠲᠠ ᠶᠢᠨ ᠬᠢᠨᠠᠨ ᠬᠡᠮᠵᠢᠬᠦ ᠴᠡᠭ ᠤᠨ ᠰᠠᠭᠤᠷᠢᠨ ᠳᠡᠭᠡᠷ᠎ᠡ 18 ᠬᠤᠵᠢᠷᠯᠢᠭ ᠲᠠᠷᠢᠶᠠᠨ ᠭᠠᠵᠠᠷ ᠤᠨ ᠶᠠᠰᠤ ᠴᠢᠨᠠᠷ ᠤᠨ ᠣᠷᠳᠣ ᠬᠤᠭᠤᠴᠠᠭᠠᠨ ᠤ ᠪᠠᠶᠢᠷᠢ ᠲᠣᠭᠲᠠᠭᠠᠯᠲᠠ ᠶᠢᠨ ᠬᠢᠨᠠᠨ ᠬᠡᠮᠵᠢᠬᠦ ᠴᠡᠭ ᠢ ᠰᠢᠨ᠎ᠡ ᠪᠠᠷ ᠪᠠᠶᠢᠭᠤᠯᠪᠠ᠃ ᠰᠢᠨ᠎ᠡ ᠴᠠᠭ ᠦᠶ᠎ᠡ ᠶᠢᠨ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠠᠮᠤ ᠪᠤᠳᠠᠭᠠᠨ ᠤ ᠠᠮᠤᠷ ᠲᠦᠪᠰᠢᠨ ᠤ ᠭᠤᠣᠯ ᠴᠣᠭᠴᠠ ᠶᠢ ᠪᠠᠶᠢᠭᠤᠯᠤᠨ ᠬᠦᠴᠦᠷᠬᠡᠭᠵᠢᠭᠦᠯᠬᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠤᠨ᠎ᠠ᠃      ᠬᠤᠲᠠ᠂ ᠬᠤᠰᠢᠭᠤ ᠬᠤᠶᠠᠷ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠤᠭᠰᠠᠨ ᠢᠶᠠᠷ᠂ ᠲᠤᠰᠬᠠᠢ ᠮᠡᠷᠭᠡᠵᠢᠯᠲᠡᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠣᠣᠷ᠎ᠠ᠂ ᠣᠲᠣ ᠪᠣᠯᠲᠠᠯ᠎ᠠ᠂ ᠨᠢᠭᠡᠨᠲᠡ ᠪᠠᠶᠢᠭ᠎ᠠ ᠲᠠᠷᠢᠶᠠᠨ ᠭᠠᠵᠠᠷ ᠤᠨ ᠶᠠᠰᠤ ᠴᠢᠨᠠᠷ ᠤᠨ ᠣᠷᠳᠣ ᠬᠤᠭᠤᠴᠠᠭᠠᠨ ᠤ ᠪᠠᠶᠢᠷᠢ ᠲᠣᠭᠲᠠᠭᠠᠯᠲᠠ ᠶᠢᠨ ᠬᠢᠨᠠᠨ ᠬᠡᠮᠵᠢᠬᠦ ᠴᠡᠭ ᠨᠢᠭᠡᠨᠲᠡ ᠣᠨ ᠤ ᠳᠠᠷᠢᠬᠤ ᠡᠭᠦᠷᠭᠡ ᠪᠠᠨ ᠤᠷᠤᠭᠰᠢᠲᠠᠢ ᠪᠡᠶᠡᠯᠡᠭᠦᠯᠦᠭᠰᠡᠨ ᠪᠥᠭᠡᠳ ᠰᠢᠨ᠎ᠡ ᠪᠠᠷ ᠪᠠᠶᠢᠭᠤᠯᠤᠭᠰᠠᠨ 18 ᠬᠤᠵᠢᠷᠯᠢᠭ ᠲᠠᠷᠢᠶᠠᠨ ᠭᠠᠵᠠᠷ ᠤᠨ ᠶᠠᠰᠤ ᠴᠢᠨᠠᠷ ᠤᠨ ᠣᠷᠳᠣ ᠬᠤᠭᠤᠴᠠᠭᠠᠨ ᠤ ᠪᠠᠶᠢᠷᠢ ᠲᠣᠭᠲᠠᠭᠠᠯᠲᠠ ᠶᠢᠨ ᠬᠢᠨᠠᠨ ᠬᠡᠮᠵᠢᠬᠦ ᠴᠡᠭ ᠨᠢᠭᠡᠨᠲᠡ GPS ᠪᠠᠶᠢᠷᠢ ᠲᠣᠭᠲᠠᠭᠠᠯᠲᠠ᠂ ᠭᠠᠵᠠᠷ ᠰᠣᠩᠭᠤᠬᠤ᠂ ᠰᠢᠷᠣᠢ ᠠᠪᠬᠤ ᠠᠵᠢᠯ ᠢ ᠪᠡᠶᠡᠯᠡᠭᠦᠯᠵᠦ᠂ 2024 ᠣᠨ ᠤ ᠬᠢᠨᠠᠨ ᠬᠡᠮᠵᠢᠬᠦ ᠡᠭᠦᠷᠭᠡ ᠶᠢ ᠤᠷᠤᠭᠰᠢᠲᠠᠢ ᠠᠬᠢᠭᠤᠯᠤᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠪᠥᠬᠦ ᠬᠤᠲᠠ ᠪᠠᠷ ᠢᠶᠠᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠯ᠎ᠡ ᠱᠠᠲᠤᠨ ᠤ ᠲᠠᠷᠢᠶᠠᠨ ᠭᠠᠵᠠᠷ ᠤᠨ ᠶᠠᠰᠤ ᠴᠢᠨᠠᠷ ᠤᠨ ᠣᠷᠳᠣ ᠬᠤᠭᠤᠴᠠᠭᠠᠨ ᠤ ᠪᠠᠶᠢᠷᠢ ᠲᠣᠭᠲᠠᠭᠠᠯᠲᠠ ᠶᠢᠨ ᠬᠢᠨᠠᠨ ᠬᠡᠮᠵᠢᠬᠦ ᠴᠡᠭ ᠤᠨ ᠬᠠᠮᠢᠶᠠᠷᠤᠯᠲᠠ ᠬᠠᠮᠠᠭᠠᠯᠠᠯᠲᠠ ᠡᠵᠡᠩᠨᠡᠯᠲᠡ ᠪᠠ ᠰᠢᠨ᠎ᠡ ᠪᠠᠷ ᠪᠠᠶᠢᠭᠤᠯᠤᠭᠰᠠᠨ ᠬᠢᠨᠠᠨ ᠬᠡᠮᠵᠢᠬᠦ ᠴᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠴᠢᠩᠭᠠᠷᠠᠭᠤᠯᠵᠤ᠂ ᠬᠢᠨᠠᠨ ᠬᠡᠮᠵᠢᠬᠦ ᠴᠢᠳᠠᠮᠵᠢ ᠶᠢ ᠲᠡᠭᠦᠯᠳᠡᠷᠵᠢᠭᠦᠯᠦᠨ᠂ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠪᠥᠬᠦ ᠬᠤᠲᠠ ᠶᠢᠨ ᠲᠠᠷᠢᠶᠠᠨ ᠭᠠᠵᠠᠷ ᠢ ᠪᠣᠶᠢᠵᠢᠭᠤᠯᠬᠤ ᠠᠵᠢᠯ ᠳᠤ ᠰᠠᠭᠤᠷᠢ ᠲᠠᠯᠪᠢᠵᠤ ᠥᠭᠭᠦᠨ᠎ᠡ᠃ 
 
ᠢᠷᠡᠯᠲᠡ᠄ ᠣᠷᠳᠣᠰ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号