︽ᠵᠢᠷᠭᠤᠭᠠᠨ ᠡᠷᠲᠡ︾ ᠪᠠᠷ ᠲᠦᠷᠦᠯ ᠵᠦᠢᠯ ᠢ ᠠᠬᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠰᠤ ᠠᠷᠪᠢᠯᠠᠵᠤ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠲᠣᠭᠲᠠᠪᠤᠷᠢᠵᠢᠭᠤᠯᠤᠮᠤᠢ
ᠨᠡᠶᠢᠲᠡᠯᠡᠭᠰᠡᠨ ᠴᠠᠭ᠄
2024/5/6
      ᠬᠤᠷ᠎ᠠ ᠤᠰᠤ ᠥᠩᠭᠡᠷᠡᠵᠦ᠂ ᠵᠤᠨ ᠤ ᠡᠬᠢ ᠬᠦᠷᠴᠦ ᠢᠷᠡᠪᠡ᠃ ᠵᠢᠤᠶᠤᠸᠠᠨ ᠲᠣᠭᠤᠷᠢᠭ ᠤᠨ ᠬᠤᠶᠠᠷᠬᠤᠳᠳᠤᠭ ᠤᠨ ᠤᠯᠠᠭᠠᠨᠵᠢ ᠶᠢᠰᠦᠳᠦᠭᠡᠷ ᠲᠣᠰᠬᠤᠨ ᠳᠤ᠂ ᠠᠯᠤᠰ ᠠᠴᠠ ᠬᠠᠷᠠᠬᠤ ᠳᠤ᠂ 4000 ᠭᠠᠷᠤᠢ ᠮᠦ ᠶᠢᠨ ︽ᠲᠣᠮᠣ ᠵᠤᠷᠪᠤᠰᠲᠤ ᠲᠠᠷᠢᠶ᠎ᠠ︾ ᠣᠨᠴᠠᠭᠠᠢ ᠢᠯᠡ ᠬᠠᠷᠠᠭᠳᠠᠨ᠎ᠠ᠂ ᠡᠨᠡ ᠪᠣᠯ ᠵᠢᠤᠶᠤᠸᠠᠨ ᠲᠣᠭᠤᠷᠢᠭ ᠡᠨᠡ ᠵᠢᠯ ᠤᠨ 5600 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠵᠤ ᠪᠠᠶᠢᠭ᠎ᠠ ᠨᠢᠭᠡ ᠬᠡᠰᠡᠭ ᠪᠣᠯᠣᠨ᠎ᠠ᠃ ᠡᠨᠡ ᠵᠢᠯ ᠠᠴᠠ ᠨᠠᠭᠠᠰᠢ᠂ ᠵᠢᠤᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠢᠨ ︽ᠡᠷᠲᠡ︾ ᠦᠰᠦᠭ ᠲᠤ ᠬᠦᠴᠦ ᠲᠠᠯᠪᠢᠵᠤ᠂ ︽ᠵᠢᠷᠭᠤᠭᠠᠨ ᠡᠷᠲᠡ︾᠂ ︽ᠡᠷᠲᠡ ᠠᠴᠠ ᠲᠥᠯᠥᠪᠵᠢᠭᠦᠯᠵᠦ᠂ ᠡᠷᠲᠡ ᠠᠴᠠ ᠨᠥᠭᠡᠴᠡᠯᠡᠵᠦ᠂ ᠡᠷᠲᠡ ᠠᠴᠠ ᠲᠥᠯᠥᠪᠯᠡᠵᠦ᠂ ᠡᠷᠲᠡ ᠠᠴᠠ ᠠᠵᠢᠯᠯᠠᠵᠤ᠂ ᠡᠷᠲᠡ ᠠᠴᠠ ᠳᠠᠭᠤᠰᠬᠠᠵᠤ᠂ ᠡᠷᠲᠡ ᠠᠴᠠ ᠠᠰᠢᠭ ᠬᠦᠷᠳᠡᠬᠦ︾  ᠶᠢ ᠲᠤᠪᠤᠶᠢᠯᠭᠠᠵᠦ᠂ ᠤᠯᠠᠭᠠᠨᠵᠢ ᠶᠢᠰᠦᠳᠦᠭᠡᠷ ᠲᠣᠰᠬᠤᠨ ᠳᠤ ᠨᠢᠭᠡᠳᠦᠯᠲᠡᠢ ᠲᠥᠯᠦᠪᠵᠢᠭᠦᠯᠭᠡ ᠬᠢᠵᠦ᠂ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠵᠦ᠂ ᠤᠤᠯ ᠤᠨ ᠲᠠᠷᠠᠬᠠᠢ ᠪᠤᠲᠠᠷᠬᠠᠢ ᠪᠠᠶᠢᠭᠰᠠᠨ ᠲᠠᠷᠢᠶᠠᠨ ᠭᠠᠵᠠᠷ ᠢ ᠭᠠᠵᠠᠷ ᠰᠢᠷᠣᠢ ᠲᠡᠭᠰᠢᠯᠡᠬᠦ᠂ ᠰᠤᠪᠠᠭ ᠳᠠᠯᠠᠩ ᠲᠡᠭᠰᠢᠯᠡᠬᠦ᠂ ᠨᠡᠯᠦᠩᠬᠡᠢ ᠤᠰᠤᠯᠠᠯᠲᠠ ᠶᠢ ᠳᠤᠰᠤᠯᠭᠠᠨ ᠤᠰᠤᠯᠠᠬᠤ ᠪᠣᠯᠭᠠᠬᠤ ᠪᠠ ᠲᠠᠷᠢᠶᠠᠨ ᠭᠠᠵᠠᠷ ᠤᠨ ᠵᠠᠮ ᠢ ᠰᠢᠨ᠎ᠡ ᠪᠠᠷ ᠲᠥᠯᠥᠪᠵᠢᠭᠦᠯᠬᠦ ᠪᠠᠷ ᠳᠠᠮᠵᠢᠭᠤᠯᠵᠤ᠂ ᠬᠡᠰᠡᠭ ᠪᠤᠰᠠᠭ ᠢ ᠪᠦᠬᠦᠯᠢ ᠪᠣᠯᠭᠠᠬᠤ᠂ ︽ᠪᠠᠭ᠎ᠠ ᠲᠠᠷᠢᠶ᠎ᠠ︾  ᠶᠢ ︽ᠶᠡᠭᠡ ᠲᠠᠷᠢᠶ᠎ᠠ︾ ᠪᠣᠯᠭᠠᠬᠤ ᠶᠢ ᠪᠡᠶᠡᠯᠡᠭᠦᠯᠵᠡᠢ᠃      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠲᠠᠷᠢᠶᠠᠴᠢᠨ ᠡᠷᠦᠬᠡ ᠶᠢᠨ ᠤᠤᠯ ᠤᠨ ᠳᠠᠭᠠᠭᠠᠴᠢᠯᠠᠯᠲᠠ ᠶᠢᠨ ᠵᠠᠭᠠᠭ᠂ ᠡᠷᠦᠢ ᠬᠤᠷᠤᠢ ᠦᠭᠡᠢ ᠲᠠᠷᠢᠶᠠᠨ ᠭᠠᠵᠠᠷ ᠤᠨ ᠵᠠᠭᠠᠭ᠂ ᠭᠠᠵᠠᠷ ᠰᠢᠷᠣᠢ ᠶᠢ ᠨᠢᠭᠡᠳᠦᠯᠲᠡᠢ ᠬᠤᠪᠢᠶᠠᠷᠢᠯᠠᠵᠤ᠂ ᠨᠢᠭᠡᠳᠦᠯᠲᠡᠢ ᠳᠠᠬᠢᠨ ᠬᠤᠪᠢᠶᠠᠷᠢᠯᠠᠨ ᠡᠵᠡᠩᠨᠡᠵᠦ᠂ ︽ᠨᠢᠭᠡ ᠲᠣᠰᠬᠤᠨ ᠨᠢᠭᠡ ᠲᠠᠷᠢᠶᠠᠨ ᠭᠠᠵᠠᠷ︾᠂ ᠪᠠᠷᠢᠮᠵᠢᠶᠠᠵᠢᠭᠰᠠᠨ᠂ ᠡᠷᠴᠢᠮᠵᠢᠭᠰᠡᠨ ᠬᠡᠪᠴᠢᠶᠡᠵᠢᠭᠰᠡᠨ ᠲᠠᠷᠢᠶᠠᠨ ᠭᠠᠵᠠᠷ ᠤᠨ ᠡᠵᠡᠩᠨᠡᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠭᠠᠵᠠᠷ ᠰᠢᠷᠣᠢ ᠶᠢᠨ ︽ᠭᠤᠷᠪᠠ ᠶᠢ ᠡᠪᠳᠡᠬᠦ᠂ ᠲᠠᠪᠤ ᠶᠢ ᠨᠢᠭᠡᠳᠬᠡᠬᠦ᠂ ᠨᠢᠭᠡ ᠶᠢ ᠳᠠᠬᠢᠨ ᠰᠢᠨ᠎ᠡ ᠪᠠᠷ ᠪᠠᠶᠢᠭᠤᠯᠬᠤ︾ ᠲᠥᠷᠥᠯ ᠵᠦᠢᠯ ᠤᠨ ᠱᠠᠭᠠᠷᠳᠠᠯᠭ᠎ᠠ ᠶᠢ ᠪᠡᠶᠡᠯᠡᠭᠦᠯᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠮᠠᠰᠢᠨᠴᠢᠯᠠᠯᠲᠠ ᠶᠢᠨ ᠨᠣᠷᠮ᠎ᠠ ᠶᠢ ᠢᠯᠡᠳᠲᠡ ᠳᠡᠭᠡᠭᠰᠢᠯᠡᠭᠦᠯᠦᠨ᠂ ᠥᠨᠳᠥᠷ ᠪᠦᠲᠦᠮᠵᠢᠲᠡᠶ ᠪᠠᠷ ᠤᠰᠤ ᠠᠷᠪᠢᠯᠠᠬᠤ᠂ ᠠᠵᠢᠯ ᠠᠷᠪᠢᠯᠠᠬᠤ ᠪᠠ ᠪᠣᠷᠳᠣᠭᠤᠷ ᠠᠷᠪᠢᠯᠠᠬᠤ ᠳᠠᠪᠠᠭᠤᠯᠢᠭ ᠢ ᠪᠦᠷᠢᠨ ᠭᠦᠢᠴᠡᠳ ᠪᠠᠳᠠᠷᠠᠭᠤᠯᠪᠠ᠃      ᠲᠠᠷᠠᠭᠠᠴᠢ ᠶᠢᠨ ᠠᠯᠬᠤᠮ ᠳᠤ᠂ ᠵᠢᠤᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠᠰᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠬᠡᠨ ᠠᠬᠢᠭᠤᠯᠵᠤ᠂ ᠪᠥᠬᠦ ᠣᠷᠣᠨ ᠤ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠠᠵᠢᠯ ᠳᠤ ᠬᠦᠴᠦᠨ ᠨᠡᠮᠡᠷᠢᠯᠡᠵᠦ᠂ ᠪᠥᠬᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠨ᠂ ᠵᠢᠤᠶᠤᠸᠠᠨ ᠲᠣᠭᠤᠷᠢᠭ ᠤᠨ ᠲᠠᠷᠢᠶᠠᠯᠠᠩ ᠤᠨ ᠴᠢᠨᠠᠷ ᠰᠠᠶᠢᠲᠠᠢ ᠦᠷᠭᠦᠯᠵᠢᠯᠡᠨ ᠬᠥᠭᠵᠢᠬᠦ ᠶᠢ ᠪᠠᠲᠤᠯᠠᠨ᠎ᠠ᠃
 
ᠢᠷᠡᠯᠲᠡ᠄ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号