ᠮᠠᠨ ᠤ ᠣᠷᠣᠨ 12931 ᠲᠦᠮᠡ ᠭᠠᠷᠤᠢ ᠮᠠᠯ ᠵᠢᠭᠦᠷᠲᠡᠨ ᠳᠤ ᠭᠡᠮ ᠬᠢᠵᠢᠭ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠬᠢᠯ᠎ᠡ
ᠨᠡᠶᠢᠲᠡᠯᠡᠭᠰᠡᠨ ᠴᠠᠭ᠄
2024/5/7
      ᠥᠪᠡᠷᠲᠡᠭᠡᠨ ᠵᠠᠰᠠᠬᠤ ᠣᠷᠣᠨ ᠤ ᠠᠮᠢᠳᠠᠨ ᠤ ᠭᠡᠮ ᠬᠢᠵᠢᠭ ᠢ ᠰᠡᠷᠭᠡᠶᠢᠯᠡᠨ ᠡᠵᠡᠮᠳᠡᠬᠦ ᠲᠥᠪ ᠠᠴᠠ ᠣᠶᠢᠯᠠᠭᠠᠭᠰᠠᠨ ᠢᠶᠠᠷ᠂ 3 ᠰᠠᠷ᠎ᠠ ᠶᠢᠨ ᠳᠤᠮᠳᠠᠴᠢ ᠪᠠᠷ ᠮᠠᠨ ᠤ ᠣᠷᠣᠨ ᠬᠠᠪᠤᠷ ᠤᠨ ᠤᠯᠠᠷᠢᠯ ᠤᠨ ᠮᠠᠯ ᠵᠢᠭᠦᠷᠲᠡᠨ ᠤ ᠬᠦᠨᠳᠦ ᠶᠡᠭᠡ ᠭᠡᠮ ᠬᠢᠵᠢᠭ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢᠨ ᠠᠵᠢᠯ ᠢ ᠡᠬᠢᠯᠡᠭᠦᠯᠦᠭᠰᠡᠨ ᠠᠴᠠ ᠨᠠᠭᠠᠰᠢ 4 ᠰᠠᠷ᠎ᠠ ᠶᠢᠨ 26 ᠤ ᠡᠳᠦᠷ ᠪᠤᠯᠲᠠᠯ᠎ᠠ ᠨᠡᠶᠢᠲᠡ 12931.58 ᠲᠦᠮᠡᠨ ᠮᠠᠯ ᠵᠢᠭᠦᠷᠲᠡᠨ ᠳᠤ ᠲᠠᠷᠢᠯᠭ᠎ᠠ ᠬᠢᠵᠦ᠂ ᠲᠠᠷᠢᠯᠭ᠎ᠠ ᠬᠢᠭᠰᠡᠨ ᠠᠬᠢᠴᠠ ᠨᠢ 51.53% ᠳᠤ ᠬᠦᠷᠴᠦ᠂ ᠵᠢᠱᠢᠯᠲᠡ ᠪᠠᠷ 5 ᠰᠠᠷ᠎ᠠ ᠶᠢᠨ ᠰᠡᠭᠦᠯᠴᠢ ᠪᠠᠷ ᠲᠠᠷᠢᠯᠭ᠎ᠠ  ᠶᠢᠨ ᠠᠵᠢᠯ ᠢ ᠳᠠᠭᠤᠰᠬᠠᠬᠤ ᠪᠣᠯᠣᠨ᠎ᠠ᠃      ᠵᠢᠯ ᠤᠨ ᠡᠬᠢᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠠᠴᠠ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠵᠢᠭᠦᠷᠲᠡᠨ ᠤ ᠭᠡᠮ ᠬᠢᠵᠢᠭ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢᠨ ᠠᠵᠢᠯ ᠤᠨ ᠲᠥᠯᠥᠪᠯᠡᠭᠡ︾  ᠶᠢ ᠲᠣᠭᠲᠠᠭᠠᠨ ᠲᠠᠷᠬᠠᠭᠠᠪᠠ᠃ ᠲᠤᠰ ᠲᠥᠯᠥᠪᠯᠡᠭᠡ ᠪᠣᠯ ᠮᠠᠨ ᠤ ᠣᠷᠣᠨ ᠤ ᠮᠠᠯ ᠵᠢᠭᠦᠷᠲᠡᠨ ᠤ ᠭᠡᠮ ᠬᠢᠵᠢᠭ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢᠨ ᠠᠵᠢᠯ ᠤᠨ ᠮᠡᠷᠭᠡᠵᠢᠯ ᠤᠨ ᠴᠢᠨᠠᠷᠲᠠᠢ ᠵᠢᠯᠤᠭᠤᠳᠬᠤ ᠪᠢᠴᠢᠭ ᠮᠠᠲ᠋ᠧᠷᠢᠶᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠮᠠᠯ ᠵᠢᠭᠦᠷᠲᠡᠨ ᠤ ᠭᠡᠮ ᠬᠢᠵᠢᠭ ᠢ ᠰᠡᠷᠭᠡᠶᠢᠯᠡᠨ ᠡᠵᠡᠮᠳᠡᠬᠦ ᠲᠥᠪ 3 ᠰᠠᠷ᠎ᠠ ᠶᠢᠨ ᠰᠡᠭᠦᠯᠴᠢ ᠪᠠᠷ ᠤᠯᠠᠭᠠᠨᠴᠠᠪ ᠬᠤᠲᠠ ᠳᠤ ︽ᠪᠦᠭᠦ ᠣᠷᠣᠨ ᠤ 2024 ᠣᠨ ᠤ ᠮᠠᠯ ᠵᠢᠭᠦᠷᠲᠡᠨ ᠤ ᠭᠡᠮ ᠬᠢᠵᠢᠭ ᠢ ᠰᠡᠷᠭᠡᠶᠢᠯᠡᠨ ᠡᠵᠡᠮᠳᠡᠬᠦ ᠵᠢᠴᠢ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠪᠣᠯᠪᠠᠰᠤᠷᠠᠯ  ᠤᠨ ᠠᠩᠭᠢ︾ ᠡᠷᠭᠢᠯᠡᠭᠦ ᠶᠢᠨ ᠬᠠᠮᠲᠤ᠂ ᠮᠠᠯ ᠵᠢᠭᠦᠷᠲᠡᠨ ᠤ ᠭᠡᠮ ᠬᠢᠵᠢᠭ ᠢ ᠰᠡᠷᠭᠡᠶᠢᠯᠡᠨ ᠡᠵᠡᠮᠳᠡᠬᠦ ᠸᠠᠺᠼᠢᠨ ᠤ ᠲᠠᠷᠢᠯᠭ᠎ᠠ ᠶᠢᠨ ᠠᠵᠢᠯ ᠳᠤ ᠳᠠᠭᠢᠨ ᠪᠠᠶᠢᠷᠢᠯᠠᠭᠤᠯᠤᠯᠲᠠ ᠬᠢᠪᠡ᠃ ᠡᠯ᠎ᠡ ᠠᠶᠢᠮᠠᠭ ᠬᠤᠲᠠ ᠬᠤᠰᠢᠭᠤ ᠰᠢᠶᠠᠨ ᠤ ᠬᠢᠨ ᠪᠠᠰᠠ ᠬᠠᠷᠢᠶ᠎ᠠ ᠣᠷᠣᠨ ᠤ ᠪᠠᠨ ᠮᠠᠯ ᠵᠢᠭᠦᠷᠲᠡᠨ ᠤ ᠭᠡᠮ ᠬᠢᠵᠢᠭ ᠢ ᠰᠡᠷᠭᠡᠶᠢᠯᠡᠬᠦ ᠠᠵᠢᠯᠲᠠᠨ ᠳᠤ ᠲᠤᠰᠬᠠᠢ ᠪᠣᠯᠪᠠᠰᠤᠷᠠᠯ ᠬᠦᠷᠲᠡᠭᠡᠬᠦ ᠪᠠ ᠮᠡᠷᠭᠡᠵᠢᠯ ᠤᠨ ᠵᠢᠯᠣᠭᠤᠳᠤᠯᠭ᠎ᠠ ᠬᠠᠩᠭᠠᠵᠤ᠂ ᠪᠣᠯᠪᠠᠰᠤᠷᠠᠯ ᠢᠶᠠᠷ ᠳᠠᠮᠵᠢᠨ ᠰᠡᠷᠭᠡᠶᠢᠯᠡᠨ ᠡᠵᠡᠮᠳᠡᠬᠦ ᠭᠤᠣᠯ ᠡᠭᠦᠷᠭᠡ ᠶᠢ ᠲᠣᠳᠣᠷᠬᠠᠶᠢᠯᠠᠨ᠂ ᠸᠠᠺᠼᠢᠨ ᠤ ᠲᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠥᠷᠨᠢᠭᠦᠯᠵᠦ᠂ ᠣᠷᠣᠨ ᠪᠦᠰᠡ ᠶᠢᠨ ᠴᠢᠨᠠᠷᠲᠠᠢ ᠮᠠᠯ ᠵᠢᠭᠦᠷᠲᠡᠨ ᠤ ᠬᠦᠨᠳᠦ ᠶᠡᠭᠡ ᠭᠡᠮ ᠬᠢᠵᠢᠭ ᠤᠨ ᠪᠠᠶᠢᠳᠠᠯ ᠦᠯᠦ ᠡᠭᠦᠰᠬᠦ ᠶᠢ ᠦᠨᠡᠨ ᠬᠦ ᠪᠠᠲᠤᠯᠠᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠪᠠᠲᠤᠯᠠᠵᠤ ᠪᠤᠢ᠃ ᠡᠨᠡ ᠵᠢᠯ ᠮᠠᠨ ᠤ ᠣᠷᠣᠨ ᠬᠡᠪᠴᠢᠶᠡᠲᠦ ᠲᠡᠵᠢᠭᠡᠪᠦᠷᠢ ᠶᠢᠨ ᠲᠠᠯᠠᠪᠠᠢ ᠶᠢᠨ ᠮᠠᠯ ᠵᠢᠭᠦᠷᠲᠡᠨ ᠳᠤ ᠵᠢᠷᠤᠮᠵᠢᠬᠰᠠᠨ ᠲᠠᠷᠢᠯᠭ᠎ᠠ ᠬᠢᠬᠦ᠂ ᠲᠠᠷᠠᠬᠠᠢ ᠪᠤᠲᠠᠷᠬᠠᠢ ᠲᠡᠵᠢᠭᠡᠵᠦ ᠪᠠᠶᠢᠭ᠎ᠠ ᠮᠠᠯ ᠵᠢᠭᠦᠷᠲᠡᠨ ᠳᠤ ᠬᠠᠪᠤᠷ ᠨᠠᠮᠤᠷ ᠤᠨ ᠲᠥᠪᠯᠡᠷᠡᠭᠰᠡᠨ ᠲᠠᠷᠢᠯᠭ᠎ᠠ ᠬᠢᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠨᠥᠬᠦᠵᠦ ᠲᠠᠷᠢᠯᠭ᠎ᠠ ᠬᠢᠬᠦ ᠶᠢ ᠤᠶᠠᠯᠳᠤᠭᠤᠯᠬᠤ ᠠᠷᠭ᠎ᠠ ᠭᠡᠯᠪᠡᠷᠢ ᠶᠢ ᠬᠡᠷᠡᠭᠵᠢᠭᠦᠯᠵᠦ᠂ ᠰᠢᠯᠦᠬᠡᠢ ᠡᠪᠡᠳᠴᠢᠨ ᠵᠡᠷᠭᠡ ᠮᠠᠯ ᠵᠢᠭᠦᠷᠲᠡᠨ ᠤ ᠭᠡᠮ ᠬᠢᠵᠢᠭ ᠢ ᠰᠡᠷᠭᠡᠶᠢᠯᠡᠬᠦ ᠸᠠᠺᠼᠢᠨ ᠤ ᠲᠠᠷᠢᠯᠭ᠎ᠠ  ᠶᠢᠨ ᠨᠢᠭᠲᠠᠴᠠ ᠪᠠ ᠶᠠᠰᠤ ᠴᠢᠨᠠᠷ ᠢ ᠪᠠᠲᠤᠯᠠᠵᠤ ᠪᠠᠶᠢᠨ᠎ᠠ᠃ 
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号