ᠪᠠᠶᠠᠨᠨᠠᠭᠤᠷ ᠬᠤᠲᠠ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠵᠢᠱᠢᠶ᠎ᠡ ᠦᠵᠡᠭᠦᠯᠭᠦ ᠬᠤᠲᠠ ᠶᠢ ᠢᠳᠡᠪᠬᠢᠲᠡᠢ ᠡᠭᠦᠳᠦᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/5/7
      ᠣᠶᠢᠯᠠᠭᠠᠭᠰᠠᠨ ᠢᠶᠠᠷ᠂ ᠡᠨᠡ ᠵᠢᠯ ᠪᠠᠶᠠᠨᠨᠠᠭᠤᠷ ᠬᠤᠲᠠ ᠡᠷᠳᠡᠨᠢ ᠰᠢᠰᠢ ᠶᠢ ᠨᠢᠭᠲᠠ ᠲᠠᠷᠢᠵᠤ ᠥᠨᠳᠥᠷ ᠤᠨᠠᠯᠲᠠ ᠣᠯᠬᠤ ︽ᠵᠠᠭᠤᠨ ᠮᠦ ᠶᠢᠨ ᠪᠣᠭᠤᠮᠲᠠ ᠰᠢᠪᠲᠤᠯᠬᠤ ᠲᠠᠷᠢᠶ᠎ᠠ᠂ ᠮᠢᠩᠭᠠᠨ ᠮᠦ ᠶᠢᠨ ᠵᠢᠱᠢᠶ᠎ᠡ ᠦᠵᠡᠭᠦᠯᠭᠦ ᠲᠣᠭᠤᠷᠢᠭ᠂ ᠲᠦᠮᠡᠨ ᠮᠦ ᠶᠢᠨ ᠥᠨᠳᠥᠷ ᠤᠨᠠᠯᠲᠠ ᠲᠠᠢ ᠬᠡᠰᠡᠭ︾ ᠢ ᠪᠦᠭᠦ ᠬᠦᠴᠦ ᠪᠠᠷ ᠪᠦᠲᠦᠭᠡᠨ ᠪᠠᠶᠢᠭᠤᠯᠵᠤ ᠡᠬᠢᠯᠡᠪᠡ᠃ ᠣᠶᠢᠯᠠᠭᠠᠭᠰᠠᠨ ᠢᠶᠠᠷ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠵᠢᠴᠢ ᠤᠯᠤᠰ ᠤᠨ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢᠨ ᠪᠣᠳᠠᠲᠠᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠪᠠᠶᠠᠨᠨᠠᠭᠤᠷ ᠬᠤᠲᠠ ᠶᠢᠨ 2024 ᠣᠨ ᠤ ︿ᠠᠮᠤ ᠪᠤᠳᠠᠭᠠᠨ ᠤ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠣᠨ﹀ ᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠶᠣᠰᠣᠭᠠᠷ᠂ ᠮᠦ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠭᠦ ᠶᠢ ︽ᠲᠡᠷᠢᠭᠦᠨ ᠵᠡᠷᠭᠡ ᠶᠢᠨ ᠢᠨᠵᠧᠨᠧᠷᠢᠩ︾ ᠪᠣᠯᠭᠠᠨ ᠴᠢᠬᠤᠯᠠᠴᠢᠯᠠᠨ᠂ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠵᠢᠱᠢᠶ᠎ᠡ ᠦᠵᠡᠭᠦᠯᠭᠦ ᠬᠤᠲᠠ ᠶᠢ ᠢᠳᠡᠪᠬᠢᠲᠡᠢ ᠡᠭᠦᠳᠦᠨ ᠪᠠᠶᠢᠭᠤᠯᠵᠤ᠂ ᠭᠤᠣᠯ ᠵᠢᠱᠢᠶ᠎ᠡ ᠦᠵᠡᠭᠦᠯᠭᠦ ᠲᠠᠯᠠᠪᠠᠢ ᠶᠢ 60 ᠲᠦᠮᠡᠨ ᠮᠦ ᠠᠴᠠ ᠳᠡᠭᠡᠭᠰᠢ ᠬᠦᠷᠭᠡᠵᠦ᠂ ᠮᠦ ᠨᠢᠭᠡᠴᠢ ᠶᠢᠨ ᠤᠨᠠᠯᠲᠠ ᠶᠢ 150 ᠺᠢᠯᠦᠭᠷᠠᠮ ᠨᠡᠮᠡᠭᠳᠡᠭᠦᠯᠬᠦ ᠪᠠᠷ ᠵᠢᠱᠢᠵᠦ ᠪᠤᠢ᠃ ᠵᠢᠷᠤᠭ ᠪᠣᠯ ᠱᠠᠵᠢᠨᠲᠣᠬᠤᠢ ᠰᠤᠮᠤ ᠶᠢᠨ ᠪᠣᠭᠤᠮᠲᠠ ᠰᠢᠪᠲᠤᠯᠬᠤ ᠲᠠᠷᠢᠶ᠎ᠠ ᠶᠢ ᠲᠠᠷᠢᠵᠤ ᠪᠠᠶᠢᠭ᠎ᠠ ᠨᠢ᠃
62.png
       ᠰᠤᠷᠪᠤᠯᠵᠢᠯᠠᠬᠴᠢ ᠲᠡᠭᠦᠰᠪᠢᠯᠢᠭ ᠰᠡᠭᠦᠳᠡᠷᠯᠡᠪᠡ 
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号