ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠦᠶᠯᠡᠴᠢᠯᠡᠭᠡᠨ ᠤ ᠲᠥᠪ
ᠨᠡᠶᠢᠲᠡᠯᠡᠭᠰᠡᠨ ᠴᠠᠭ᠄
2024/5/8
      ᠭᠤᠣᠯ ᠡᠭᠦᠷᠭᠡ ᠴᠢᠳᠠᠪᠬᠢ᠄       ᠨᠢᠭᠡ ᠳᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ᠂ ᠡᠬᠢ ᠪᠠᠶᠠᠯᠢᠭ᠂ ᠪᠠᠯᠠ ᠮᠥᠩᠭᠦ ᠶᠢᠨ ᠬᠠᠮᠢᠶᠠᠷᠤᠯᠲᠠ᠂ ᠬᠠᠮᠲᠤ ᠶᠢᠨ ᠠᠵᠤ ᠠᠬᠤᠶ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ  ᠶᠢᠨ ᠡᠵᠡᠩᠨᠡᠯᠲᠡ ᠶᠢᠨ ᠭᠤᠤᠯ ᠴᠣᠭᠴᠠ ᠶᠢ ᠪᠣᠶᠢᠵᠢᠭᠤᠯᠤᠨ ᠬᠥᠭᠵᠢᠭᠦᠯᠬᠦ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃       ᠬᠤᠶᠠᠷ ᠲᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠮᠢᠶᠠᠷᠤᠯᠲᠠ᠂ ᠭᠠᠵᠠᠷ ᠰᠢᠷᠣᠶ ᠶᠢᠨ ᠡᠷᠭᠢᠯᠲᠡ᠂ ᠵᠣᠬᠢᠬᠤ ᠬᠡᠪᠴᠢᠶᠡᠲᠦ ᠡᠵᠡᠩᠨᠡᠯᠲᠡ ᠵᠡᠷᠭᠡ ᠪᠠᠶᠢᠴᠠᠭᠠᠨ ᠰᠤᠳᠤᠯᠤᠯᠲᠠ ᠶᠢᠨ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠠᠵᠢᠯ ᠤᠨ ᠰᠠᠨᠠᠭᠤᠯᠭ᠎ᠠ ᠳᠤᠷᠠᠳᠤᠨ᠎ᠠ᠃       ᠭᠤᠷᠪᠠ ᠳᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ᠂ ᠡᠷᠭᠢᠯᠲᠡ ᠳᠤ ᠣᠷᠣᠭᠤᠯᠬᠤ᠂ ᠰᠤᠯᠠ ᠲᠠᠯᠪᠢᠵᠤ ᠪᠠᠶᠢᠭ᠎ᠠ ᠣᠷᠣᠨ ᠰᠠᠭᠤᠴᠠ ᠶᠢᠨ ᠭᠠᠵᠠᠷ ᠪᠠ ᠰᠤᠯᠠ ᠲᠠᠯᠪᠢᠵᠤ ᠪᠠᠶᠢᠭ᠎ᠠ ᠣᠷᠣᠨ ᠰᠠᠭᠤᠴᠠ ᠶᠢ ᠠᠮᠢᠳᠤᠯᠢᠭ ᠢᠶᠠᠷ ᠠᠰᠢᠭᠯᠠᠬᠤ ᠵᠡᠷᠭᠡ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠣᠷᠣᠨ ᠰᠠᠭᠤᠴᠠ ᠶᠢᠨ ᠭᠠᠵᠠᠷ ᠤᠨ ᠦᠨᠳᠦᠰᠦᠨ ᠪᠠᠶᠢᠳᠠᠯ ᠪᠠ ᠠᠰᠢᠭᠯᠠᠵᠤ ᠪᠠᠶᠢᠭ᠎ᠠ ᠪᠠᠶᠢᠳᠠᠯ ᠢ ᠪᠦᠷᠢᠳᠬᠡᠨ ᠵᠠᠳᠠᠯᠬᠤ ᠠᠵᠢᠯ ᠢ ᠥᠷᠨᠢᠭᠦᠯᠦᠨ᠎ᠡ᠃       ᠳᠥᠷᠪᠡ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠥᠬᠦᠶ ᠠᠵᠢᠯ ᠢᠡᠭᠦᠷᠭᠡᠯᠡᠨ᠎ᠡ᠃       ᠪᠠᠶᠢᠭᠤᠯᠤᠮᠵᠢ ᠶᠢᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠦᠶᠯᠡᠴᠢᠯᠡᠭᠡᠨ ᠤ ᠲᠥᠪ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠢ ᠪᠣᠯᠤᠨ᠎ᠠ᠃       ᠳᠣᠲᠣᠭᠠᠳᠤ ᠪᠠᠶᠢᠭᠤᠯᠤᠮᠵᠢ᠄ ᠠᠯᠪᠠᠨ ᠭᠡᠷ᠂ ᠡᠵᠡᠩᠨᠡᠯᠲᠡ ᠶᠢᠨ ᠭᠤᠤᠯ ᠴᠣᠭᠴᠠ ᠶᠢᠨ ᠦᠶᠯᠡᠴᠢᠯᠡᠭᠡᠨ ᠤ ᠰᠠᠯᠠᠭ᠎ᠠ᠂ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠦᠶᠯᠡᠴᠢᠯᠡᠭᠡᠨ ᠤ ᠰᠠᠯᠠᠭ᠎ᠠ᠂ ᠨᠡᠶᠢᠭᠡᠮᠴᠢᠯᠡᠭᠰᠡᠨ ᠦᠶᠯᠡᠴᠢᠯᠡᠭᠡᠨ ᠤ ᠰᠠᠯᠠᠭ᠎ᠠ᠂ ᠣᠷᠣᠨ ᠰᠠᠭᠤᠴᠠ ᠶᠢᠨ ᠭᠠᠵᠠᠷ ᠢ ᠠᠰᠢᠭᠯᠠᠬᠤ ᠦᠶᠯᠡᠴᠢᠯᠡᠭᠡᠨ ᠤ ᠰᠠᠯᠠᠭ᠎ᠠ᠂ ᠬᠠᠮᠲᠤ  ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠦᠶᠯᠡᠴᠢᠯᠡᠭᠡᠨ ᠤ ᠰᠠᠯᠠᠭ᠎ᠠ᠂ ᠡᠳ᠋ ᠤᠨ ᠶᠠᠪᠤᠳᠠᠯ ᠨᠢᠭᠲᠠᠯᠠᠨ ᠪᠣᠳᠣᠬᠤ ᠦᠶᠯᠡᠴᠢᠯᠡᠭᠡᠨ ᠤ ᠰᠠᠯᠠᠭ᠎ᠠ᠃       ᠬᠠᠷᠢᠭᠤᠴᠠᠯᠭᠠᠲᠠᠨ᠄ ᠶᠠᠩ ᠶᠢᠨ ᠴᠧᠩ      ᠤᠲᠠᠰᠤ᠄ 0471 - 6652320       ᠬᠠᠶ᠋ᠢᠭ᠄ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠠᠯᠪᠠᠨ ᠠᠰᠠᠷ ᠤᠨ 1111 ᠲᠠᠰᠤᠭ       ᠠᠵᠢᠯᠯᠠᠬᠤ ᠴᠠᠭ᠄ 08᠄ 30 - 12᠄ 00    14᠄ 30 - 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号