ᠬᠥᠬᠡᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠢᠦᠢ ᠴᠢᠤᠸᠠᠨ ᠲᠣᠭᠤᠷᠢᠭ ᠲᠤ ᠬᠦᠷᠴᠦ ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠡᠮᠵᠢᠯᠲᠡ ᠶᠢᠨ ᠥᠯᠢᠭᠡᠷ ᠡᠳ᠋ ᠠᠪᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/5/9
      2024 ᠣᠨ ᠤ 5 ᠰᠠᠷ᠎ᠠ ᠶᠢᠨ 7 ᠤ ᠡᠳᠦᠷ ᠬᠥᠬᠡᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠲᠤᠬᠠᠶᠢᠯᠠᠭᠰᠠᠨ ᠠᠵᠢᠯ ᠤᠨ ᠠᠵᠢᠯᠲᠠᠨ ᠢᠦᠢ ᠴᠢᠤᠸᠠᠨ ᠲᠣᠭᠤᠷᠢᠭ ᠤᠨ ᠥᠪᠥᠷ ᠮᠣᠩᠭᠤᠯ ᠤᠨ ᠮᠧᠩ ᠮᠦ ᠢ ᠯᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠺᠠᠩ ᠰᠢᠩ ᠲᠡᠵᠢᠭᠡᠯ ᠪᠣᠷᠳᠤᠭ᠎ᠠ ᠡᠳ᠋ᠰᠢᠭᠦᠯᠬᠦ ᠦᠢᠯᠡᠳᠪᠦᠷᠢ᠂ ᠥᠪᠥᠷ ᠮᠣᠩᠭᠤᠯ ᠤᠨ ᠢᠤ ᠰᠢᠨ ᠲᠡᠵᠢᠭᠡᠯ ᠪᠣᠷᠳᠤᠭ᠎ᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠤᠸᠠᠩ ᠰᠢᠶᠠᠨ ᠲᠡᠵᠢᠭᠡᠯ ᠪᠣᠷᠳᠤᠭ᠎ᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠺᠠᠢ ᠵᠢᠶᠠ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠢᠦᠢ ᠴᠢᠤᠸᠠᠨ ᠲᠣᠭᠤᠷᠢᠭ ᠤᠨ ᠶᠤᠸᠠᠨ ᠳ᠋ᠠ ᠵᠣᠣ ᠹᠦ᠋ ᠲᠡᠵᠢᠭᠡᠯ ᠪᠣᠷᠳᠣᠭᠠᠨ ᠤ ᠦᠢᠯᠡᠳᠪᠦᠷᠢ᠂ ᠥᠪᠥᠷ ᠮᠣᠩᠭᠤᠯ ᠤᠨ ᠰᠢᠨ ᠺᠠᠢ ᠲᠡᠵᠢᠭᠡᠯ ᠪᠣᠷᠳᠣᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠲᠡᠵᠢᠭᠡᠯ ᠪᠣᠷᠳᠣᠭᠠᠨ ᠤ ᠠᠵᠤ ᠠᠬᠤᠶᠢᠯᠠᠯ ᠤᠳ ᠲᠤ ᠬᠦᠷᠴᠦ ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠡᠮᠵᠢᠯᠲᠡ ᠶᠢᠨ ᠥᠯᠢᠭᠡᠷ ᠡᠳ᠋ ᠠᠪᠬᠤ ᠠᠵᠢᠯ ᠢ ᠥᠷᠨᠢᠭᠦᠯᠪᠡ᠃ ᠦᠬᠡᠷ ᠬᠤᠨᠢᠨ ᠤ ᠨᠠᠷᠢᠯᠢᠭ ᠨᠦᠬᠦᠪᠦᠷᠢ ᠪᠣᠷᠳᠤᠭ᠎ᠠ᠂ ᠠᠭᠰᠢᠭᠠᠮᠠᠯ ᠪᠣᠷᠳᠤᠭ᠎ᠠ᠂ ᠬᠤᠯᠢᠮᠠᠭ ᠨᠡᠮᠡᠯᠲᠡ ᠡᠳ᠋ ᠲᠠᠢ ᠪᠣᠷᠳᠤᠭ᠎ᠠ ᠶᠢ ᠨᠡᠶᠢᠲᠡ 16 ᠪᠦᠯᠦᠭ ᠤᠳᠠᠭ᠎ᠠ ᠰᠤᠭᠤᠴᠢᠨ ᠠᠪᠤᠪᠠ᠃
图片1.png
 
图片2.png
      ᠳᠤᠰ ᠤᠳᠠᠭᠠᠨ ᠤ ᠲᠡᠵᠢᠭᠡᠯ ᠪᠣᠷᠳᠣᠭᠠᠨ ᠤ ᠠᠵᠤ ᠠᠬᠤᠶᠢᠯᠠᠯ ᠤᠨ ᠪᠦᠬᠦᠨ ᠢ ᠬᠠᠮᠤᠷᠤᠭᠰᠠᠨ ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠡᠮᠵᠢᠯᠲᠡ ᠶᠢᠨ ᠥᠯᠢᠭᠡᠷ ᠡᠳ᠋ ᠠᠪᠬᠤ ᠪᠠᠷ ᠳᠠᠮᠵᠢᠭᠤᠯᠤᠨ᠂ ᠲᠡᠵᠢᠭᠡᠯ ᠪᠣᠷᠳᠣᠭᠠᠨ ᠤ ᠶᠠᠰᠤ ᠴᠢᠨᠠᠷ ᠤᠨ ᠠᠶᠤᠯ ᠦᠭᠡᠢ ᠦᠢᠯᠡᠳᠪᠦᠷᠢᠯᠡᠯ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠡᠵᠢᠭᠡᠯ ᠪᠣᠷᠳᠤᠭ᠎ᠠ ᠦᠢᠯᠡᠳᠪᠦᠷᠢᠯᠡᠬᠦ᠂ ᠡᠵᠡᠩᠨᠡᠬᠦ ᠪᠠ ᠬᠡᠷᠡᠭᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠠᠵᠤ ᠠᠬᠤᠶᠢᠯᠠᠯ ᠤᠨ ᠡᠯ᠎ᠡ ᠵᠦᠢᠯ ᠤᠨ ᠠᠮᠤᠷ ᠲᠦᠪᠰᠢᠨ ᠤ ᠳᠦᠷᠢᠮ ᠢ ᠬᠡᠷᠡᠭᠵᠢᠭᠦᠯᠬᠦ ᠶᠢ ᠰᠢᠮᠳᠠᠭᠤᠯᠤᠨ ᠵᠢᠯᠤᠭᠤᠳᠴᠤ᠂ ᠣᠷᠣᠨ ᠤ ᠲᠥᠪ ᠤᠨ ᠠᠮᠢᠲᠠᠨ ᠤ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠤᠯᠠᠮ ᠴᠢᠨᠠᠭᠰᠢᠳᠠ ᠪᠠᠲᠤᠯᠠᠭᠰᠠᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号