ᠰᠢᠯᠢ ᠶᠢᠨ ᠭᠤᠣᠯ ᠤᠨ ᠴᠠᠭᠢᠯᠭᠠᠨ ᠬᠠᠩᠭᠠᠬᠤ ᠺᠤᠮᠫᠠᠨᠢ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠮᠠᠯᠵᠢᠬᠤ ᠦᠢᠯᠡᠳᠪᠦᠷᠢᠯᠡᠯ ᠤᠨ ᠴᠠᠭᠢᠯᠭᠠᠨ ᠢ ᠭᠦᠢᠴᠡᠳ ᠬᠠᠩᠭᠠᠵᠤ ᠪᠤᠢ
ᠨᠡᠶᠢᠲᠡᠯᠡᠭᠰᠡᠨ ᠴᠠᠭ᠄
2024/5/9
      ᠣᠲᠣ ᠪᠣᠯ ᠶᠠᠭ ᠰᠠᠶᠢᠬᠠᠨ ᠰᠢᠯᠢ ᠶᠢᠨ ᠭᠤᠣᠯ ᠤᠨ ᠪᠡᠯᠴᠢᠭᠡᠷ ᠰᠡᠷᠭᠦᠭᠡᠬᠦ ᠬᠤᠭᠤᠴᠠᠭ᠎ᠠ ᠪᠠᠶᠢᠵᠤ᠂ ᠮᠠᠯᠴᠢᠳ ᠤᠨ ᠮᠠᠯᠵᠢᠬᠤ ᠦᠢᠯᠡᠳᠪᠦᠷᠢᠯᠡᠯ ᠤᠨ ᠠᠯᠢ ᠤᠯᠠᠨ ᠴᠢᠬᠤᠯᠠ ᠠᠵᠢᠯ ᠤᠳ ᠨᠢ ᠴᠥᠮ ᠰᠠᠭᠤᠷᠢᠰᠢᠯ ᠣᠷᠣᠨ ᠳᠤ ᠲᠥᠪᠯᠡᠷᠡᠩᠭᠦᠢ ᠶᠠᠪᠤᠭᠳᠠᠵᠤ ᠪᠠᠶᠢᠨ᠎ᠠ᠃ ᠡᠶᠢᠮᠦ ᠪᠠᠶᠢᠳᠠᠯ ᠳᠤ ᠴᠢᠭᠯᠡᠭᠦᠯᠦᠨ᠂ ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠤᠨ ᠰᠢᠯᠢ ᠶᠢᠨ ᠭᠤᠣᠯ ᠤᠨ ᠴᠠᠭᠢᠯᠭᠠᠨ ᠬᠠᠩᠭᠠᠬᠤ ᠺᠤᠮᠫᠠᠨᠢ ᠮᠠᠯᠵᠢᠬᠤ ᠣᠷᠣᠨ ᠤ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠴᠠᠭᠢᠯᠭᠠᠨ ᠤ ᠬᠠᠩᠭᠠᠯᠭ᠎ᠠ ᠶᠢ ᠭᠦᠢᠴᠡᠳ ᠪᠠᠲᠤᠯᠠᠬᠤ ᠶᠢᠨ ᠲᠤᠯᠠᠳᠠ ᠠᠯᠢ ᠤᠯᠠᠨ ᠬᠦᠴᠦᠨ ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠠᠳ ᠮᠠᠯᠴᠢᠳ ᠤᠨ ᠲᠠᠭᠠᠰᠢᠶᠠᠯ ᠢ ᠣᠯᠵᠤ ᠪᠠᠶᠢᠨ᠎ᠠ᠃      ᠰᠢᠯᠢᠩᠬᠤᠲᠠ ᠶᠢᠨ ᠮᠣᠳᠣᠨ ᠮᠠᠯᠵᠢᠯ ᠤᠨ ᠲᠠᠯᠠᠪᠠᠶ ᠶᠢᠨ ᠨᠢᠭᠡᠳᠦᠭᠡᠷ ᠬᠤᠪᠢᠶᠠᠷᠢ ᠲᠠᠯᠠᠪᠠᠶ ᠳᠤ ᠰᠠᠭᠤᠵᠤ ᠪᠠᠶᠢᠭ᠎ᠠ ᠸᠠᠩ ᠶᠦᠨ ᠭᠦᠶ ᠶᠢᠨ ᠬᠢᠨ ᠪᠣᠯ ᠮᠠᠯᠵᠢᠯ ᠤᠨ ᠲᠣᠮᠣ ᠡᠷᠦᠭᠡ ᠪᠤᠯᠬᠤ ᠶᠤᠮ᠃ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠲᠡᠷᠡ 280 ᠭᠠᠷᠤᠢ ᠦᠬᠡᠷ᠂ 100 ᠭᠠᠷᠤᠢ ᠬᠤᠨᠢ ᠪᠠᠨ ᠬᠠᠰᠢᠶᠠᠯᠠᠨ ᠲᠡᠵᠢᠭᠡᠵᠦ᠂ ᠲᠣᠮᠣ ᠭᠡᠯᠪᠡᠷᠢ ᠶᠢᠨ ᠡᠪᠡᠰᠦ ᠪᠣᠷᠳᠤᠭ᠎ᠠ ᠨᠤᠨᠳᠠᠭᠯᠠᠨ ᠬᠤᠯᠢᠬᠤ ᠲᠥᠬᠦᠭᠡᠷᠦᠮᠵᠢ ᠨᠢ ᠡᠳᠡᠨᠡᠶᠢᠭᠢᠨ ᠤ ᠬᠠᠮᠤᠭ ᠤᠨ ᠴᠢᠬᠤᠯᠠ ᠮᠠᠰᠢᠨ ᠲᠥᠬᠦᠭᠡᠷᠦᠮᠵᠢ ᠪᠣᠯᠵᠠᠢ᠃ ︽ᠮᠠᠨᠠᠶᠢᠬᠢᠨ ᠤ ᠮᠠᠰᠢᠨ ᠲᠥᠬᠦᠭᠡᠷᠦᠮᠵᠢ ᠨᠡᠯᠢᠶᠡᠳ ᠪᠦᠷᠢᠨ ᠪᠣᠯᠤᠭᠰᠠᠨ ᠠ᠋᠂ ᠲᠡᠵᠢᠭᠡᠯ ᠪᠣᠷᠳᠤᠭ᠎ᠠ ᠵᠢᠭᠤᠷᠠᠬᠤ ᠮᠠᠰᠢᠨ᠂ ᠪᠣᠷᠳᠤᠭ᠎ᠠ ᠮᠥᠭᠦᠯᠢᠭᠵᠢᠭᠦᠯᠭᠦ ᠮᠠᠰᠢᠨ᠂ ᠬᠡᠮᠬᠡᠯᠬᠦ ᠮᠠᠰᠢᠨ᠂ ᠪᠠᠰᠠ ᠴᠠᠭᠢᠯᠭᠠᠨ ᠭᠦᠳᠡᠯᠭᠡᠭᠦᠷᠲᠦ ᠪᠣᠷᠳᠤᠭ᠎ᠠ ᠰᠠᠴᠤᠬᠤ ᠲᠡᠷᠭᠡ ᠵᠡᠷᠭᠡ ᠪᠦᠷ ᠪᠠᠶᠢᠨ᠎ᠠ᠃ ᠬᠦᠴᠦᠳᠡᠯ ᠥᠭᠡᠷᠡᠴᠢᠯᠡᠭᠴᠢ ᠶᠢᠨ ᠠᠴᠢᠶᠠᠯᠠᠯ ᠤᠨ ᠬᠢᠵᠠᠭᠠᠷ ᠠᠴᠠ ᠪᠣᠯᠵᠤ᠂ ᠪᠢᠳᠡ ᠡᠳᠡᠭᠡᠷ ᠴᠠᠭᠢᠯᠭᠠᠨ ᠭᠦᠳᠡᠯᠭᠡᠭᠦᠷᠲᠤ ᠮᠠᠰᠢᠨ ᠢᠶᠠᠨ ᠵᠡᠷᠭᠡ ᠪᠠᠷ ᠬᠡᠷᠡᠭᠯᠡᠵᠦ ᠪᠠᠶᠢᠬᠤ ᠦᠭᠡᠢ᠂ ᠵᠡᠷᠭᠡ ᠪᠠᠷ ᠬᠡᠷᠡᠭᠯᠡᠬᠦ ᠶᠤᠮ ᠪᠣᠯ ᠳᠠᠭᠠᠭᠠᠴᠠ ᠠᠴᠠ ᠬᠡᠲᠦᠷᠡᠵᠦ ᠴᠠᠭᠢᠯᠭᠠᠨ ᠵᠤᠬᠰᠤᠬᠤ ᠪᠣᠯᠣᠮᠵᠢ ᠲᠠᠢ︾ ᠭᠡᠵᠦ ᠮᠠᠯᠴᠢᠨ ᠸᠠᠩ ᠶᠦᠨ ᠭᠦᠢ ᠶᠠᠷᠢᠨ᠎ᠠ᠃      ᠪᠡᠯᠴᠢᠭᠡᠷ ᠰᠡᠷᠭᠦᠭᠡᠬᠦ ᠬᠤᠭᠤᠴᠠᠭᠠᠨ ᠳᠤ ᠮᠠᠰᠢ ᠤᠯᠠᠨ ᠮᠠᠯᠴᠢᠳ ᠸᠠᠩ ᠶᠦᠨ ᠭᠦᠢ ᠶᠢᠨ ᠬᠢᠨ ᠲᠠᠢ ᠠᠳᠠᠯᠢ ᠮᠠᠰᠢᠨ ᠲᠥᠬᠦᠭᠡᠷᠦᠮᠵᠢ ᠳᠤ ᠲᠦᠰᠢᠭᠯᠡᠨ ᠦᠢᠯᠡᠳᠪᠦᠷᠢᠯᠡᠯ ᠢᠶᠠᠨ ᠪᠠᠲᠤᠯᠠᠵᠤ ᠪᠤᠢ᠃ ᠡᠨᠡ ᠬᠡᠳᠦᠨ ᠡᠳᠦᠷ ᠰᠢᠯᠢ ᠶᠢᠨ ᠭᠤᠣᠯ ᠤᠨ ᠴᠠᠭᠢᠯᠭᠠᠨ ᠬᠠᠩᠭᠠᠬᠤ ᠺᠤᠮᠫᠠᠨᠢ ᠶᠢᠨ ᠰᠢᠯᠢᠩᠬᠤᠲᠠ ᠶᠢᠨ ᠴᠠᠭᠢᠯᠭᠠᠨ ᠬᠠᠩᠭᠠᠬᠤ ᠬᠤᠪᠢᠶᠠᠷᠢ ᠺᠤᠮᠫᠠᠨᠢ ᠶᠢᠨ ᠠᠵᠢᠯᠲᠠᠳ ᠪᠠᠰᠠ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠮᠠᠯᠴᠢᠨ ᠲᠠᠷᠢᠶᠠᠴᠢᠨ ᠤ ᠲᠡᠵᠢᠭᠡᠯ ᠪᠣᠷᠳᠤᠭ᠎ᠠ ᠵᠢᠭᠤᠷᠠᠬᠤ ᠮᠠᠰᠢᠨ᠂ ᠮᠠᠯ ᠤᠨ ᠤᠰᠤ ᠤᠮᠳᠠ ᠶᠢᠨ ᠴᠠᠭᠢᠯᠭᠠᠨ ᠬᠡᠷᠡᠭᠯᠡᠬᠦ ᠲᠥᠬᠦᠭᠡᠷᠦᠮᠵᠢ ᠶᠢ ᠨᠢ ᠪᠠᠶᠢᠴᠠᠭᠠᠵᠤ᠂ ᠴᠠᠭᠢᠯᠭᠠᠨ ᠬᠡᠷᠡᠭᠯᠡᠬᠦ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ  ᠳᠤᠨᠢ ᠠᠷᠢᠯᠭᠠᠵᠤ᠂ ᠪᠡᠯᠴᠢᠭᠡᠷ ᠰᠡᠷᠭᠦᠭᠡᠬᠦ ᠬᠤᠭᠤᠴᠠᠭᠠᠨ ᠤ ᠴᠠᠭᠢᠯᠭᠠᠨ ᠬᠠᠩᠭᠠᠯᠭ᠎ᠠ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠪᠠᠲᠤᠯᠠᠵᠤ ᠪᠠᠶᠢᠨ᠎ᠠ᠃ ᠰᠢᠯᠢ ᠶᠢᠨ ᠭᠤᠣᠯ ᠤᠨ ᠴᠠᠭᠢᠯᠭᠠᠨ ᠬᠠᠩᠭᠠᠬᠤ ᠺᠤᠮᠫᠠᠨᠢ ᠶᠢᠨ ᠰᠢᠯᠢᠩᠬᠤᠲᠠ ᠶᠢᠨ ᠴᠠᠭᠢᠯᠭᠠᠨ ᠬᠠᠩᠭᠠᠬᠤ ᠬᠤᠪᠢᠶᠠᠷᠢ ᠺᠤᠮᠫᠠᠨᠢ ᠶᠢᠨ ᠮᠣᠳᠣᠨ ᠮᠠᠯᠵᠢᠯ ᠤᠨ ᠲᠠᠯᠠᠪᠠᠢ ᠶᠢᠨ ᠴᠠᠭᠢᠯᠭᠠᠨ ᠬᠠᠩᠭᠠᠬᠤ ᠭᠠᠵᠠᠷ ᠤᠨ ᠬᠠᠷᠢᠭᠤᠴᠠᠯᠭᠠᠲᠠᠨ ᠷᠧᠨ ᠲᠢᠶᠠᠨ ᠶᠠᠩ᠄ ︽ᠪᠢᠳᠡ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠬᠠᠷᠢᠶ᠎ᠠ ᠣᠷᠣᠨ ᠤ ᠪᠠᠨ ᠮᠠᠯᠵᠢᠯ ᠤᠨ ᠲᠠᠯᠠᠪᠠᠶ᠂ ᠮᠠᠯᠴᠢᠨ ᠡᠷᠦᠭᠡ ᠶᠢᠨ ᠴᠠᠭᠢᠯᠭᠠᠨ ᠤ ᠬᠡᠷᠡᠭᠴᠡᠭᠡ ᠶᠢ ᠭᠦᠢᠴᠡᠳ ᠣᠶᠢᠯᠠᠭᠠᠵᠤ᠂ ᠬᠠᠨᠳᠤᠯᠭᠠᠲᠤ ᠴᠢᠨᠠᠷ ᠲᠠᠢ ᠴᠠᠭᠢᠯᠭᠠᠨ ᠬᠡᠷᠡᠭᠯᠡᠬᠦ ᠦᠢᠯᠡᠴᠢᠯᠡᠭᠡ ᠬᠠᠩᠭᠠᠵᠠᠢ︾ ᠭᠡᠵᠦ ᠰᠤᠷᠪᠤᠯᠵᠢᠯᠠᠬᠴᠢ ᠳᠤ ᠬᠡᠯᠡᠨ᠎ᠡ᠃      4 ᠰᠠᠷ᠎ᠠ ᠶᠢᠨ ᠡᠬᠢᠨ ᠠᠴᠠ ᠨᠠᠭᠠᠰᠢ᠂ ᠰᠢᠯᠢ ᠶᠢᠨ ᠭᠤᠣᠯ ᠤᠨ ᠴᠠᠭᠢᠯᠭᠠᠨ ᠬᠠᠩᠭᠠᠬᠤ ᠺᠤᠮᠫᠠᠨᠢ ᠨᠢᠭᠡᠨᠲᠡ ᠪᠦᠭᠦ ᠠᠶᠢᠮᠠᠭ ᠤᠨ 1291 ᠮᠠᠯᠴᠢᠳ ᠲᠤ ᠰᠦᠢᠳᠬᠡᠯ ᠬᠤᠷᠢᠶᠠᠬᠤ ᠦᠭᠡᠢ ᠪᠠᠷ ᠴᠠᠭᠢᠯᠭᠠᠨ ᠵᠠᠯᠭᠠᠨ ᠥᠭᠴᠦ᠂ ᠶᠡᠷᠦᠩᠬᠡᠢ ᠪᠠᠭᠲᠠᠭᠠᠮᠵᠢ ᠨᠢ 2 ᠲᠦᠮᠡᠨ ᠺᠢᠯᠣᠸᠠᠲ ᠲᠤ ᠬᠦᠷᠴᠦ᠂ ᠬᠡᠷᠡᠭᠯᠡᠭᠴᠢᠳ ᠤᠨ ᠴᠠᠭᠢᠯᠭᠠᠨ ᠬᠡᠷᠡᠭᠯᠡᠬᠦ ᠥᠪᠡᠷ ᠤᠨ ᠥᠷᠲᠡᠭ ᠢ 348 ᠲᠦᠮᠡ ᠭᠠᠷᠤᠢ ᠲᠥᠭᠦᠷᠢᠭ ᠠᠷᠪᠢᠯᠠᠵᠠᠢ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号