ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠵᠢᠭᠤᠷᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠤᠨ ᠪᠣᠯᠪᠠᠰᠤᠷᠠᠯ ᠤᠨ ᠠᠩᠭᠢ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/6/1
      ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠵᠢᠭᠤᠷᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ 5 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠥᠬᠡᠬᠤᠲᠠ ᠳᠤ 2024 ᠣᠨ ᠤ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠵᠢᠭᠤᠷᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠶᠦᠩ ᠰᠢᠶᠠᠩ ᠪᠣᠯᠪᠠᠰᠤᠷᠠᠯ ᠤᠨ ᠠᠩᠭᠢ ᠳᠤ ᠣᠷᠣᠯᠴᠠᠵᠤ ᠶᠠᠷᠢᠶ᠎ᠠ ᠲᠠᠯᠪᠢᠪᠠ᠃
图片1.png
       ᠪᠣᠯᠪᠠᠰᠤᠷᠠᠯ ᠳᠤ ᠵᠢᠭᠠᠵᠤ ᠭᠠᠷᠭᠠᠭᠰᠠᠨ ᠨᠢ᠂ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠵᠢᠭᠤᠷᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠢ ᠵᠢᠷᠤᠮᠵᠢᠭᠤᠯᠤᠨ ᠥᠷᠨᠢᠭᠦᠯᠬᠦ ᠨᠢ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠵᠢᠭᠤᠷᠭᠠᠨ ᠢ ᠬᠠᠤᠯᠢ ᠶᠣᠰᠣᠭᠠᠷ ᠰᠢᠢᠳᠪᠦᠷᠢᠯᠡᠬᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠰᠢᠯᠭᠠᠨ ᠬᠢᠨᠠᠬᠤ ᠵᠢᠷᠤᠮᠵᠢᠯ ᠤᠨ ᠱᠠᠭᠠᠷᠳᠠᠯᠭ᠎ᠠ ᠲᠠᠢ ᠬᠠᠷᠢᠴᠠᠭᠤᠯᠤᠨ᠂ ᠬᠢᠨᠠᠮᠠᠭᠠᠢ ᠬᠠᠷᠭᠤᠭᠤᠯᠵᠤ᠂ ᠳᠤᠲᠠᠭᠳᠠᠯ ᠲᠠᠢ ᠲᠠᠯ᠎ᠠ ᠶᠢ ᠪᠠᠶᠢᠴᠠᠭᠠᠨ ᠨᠥᠬᠦᠪᠦᠷᠢᠯᠡᠵᠦ᠂ ᠭᠡᠷᠡᠴᠢ ᠮᠠᠲ᠋ᠧᠷᠢᠶᠠᠯ ᠢ ᠵᠦᠢᠯ ᠳᠠᠷᠠᠭᠠᠯᠠᠨ ᠲᠡᠭᠦᠯᠳᠡᠷᠵᠢᠭᠦᠯᠬᠦ ᠬᠡᠷᠡᠭᠲᠡᠢ᠃ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠡᠯ᠎ᠡ ᠭᠠᠵᠠᠷ ᠤᠨ ᠬᠥᠨᠳᠡᠯᠡᠨ ᠠᠴᠠ ᠲᠠᠰᠤᠯᠬᠤ ᠠᠯᠪᠠᠨ ᠭᠡᠷ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠵᠢᠭᠤᠷᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠢ ᠴᠢᠩᠭᠠᠳᠬᠠᠨ᠂ ᠮᠠᠯᠴᠢᠨ ᠲᠠᠷᠢᠶᠠᠴᠢᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠲᠥᠪ ᠭᠤᠥᠯᠴᠢ ᠪᠠᠷ ᠬᠠᠷᠢᠭᠤᠯᠵᠤ᠂ ᠬᠠᠤᠯᠢ ᠶᠣᠰᠣᠨ ᠤ ᠡᠷᠬᠡ ᠠᠰᠢᠭ ᠢ ᠴᠠᠭ ᠲᠤᠬᠠᠢ ᠳᠤᠨᠢ ᠬᠠᠮᠠᠭᠠᠯᠠᠬᠤ ᠬᠡᠷᠡᠭᠲᠡᠢ ᠭᠡᠵᠡᠢ᠃      ᠪᠣᠯᠪᠠᠰᠤᠷᠠᠯ ᠤᠨ ᠠᠩᠭᠢ ᠶᠢᠨ ᠬᠢᠨ ᠵᠦ ᡁᠢ ᠵᠧᠦ᠂ ᠯᠠᠨ ᠶᠦᠨ ᠬᠤᠶᠠᠷ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ ᠲᠤᠰᠬᠠᠢ ᠰᠡᠳᠦᠪ ᠢᠶᠠᠷ ᠬᠢᠴᠢᠶᠡᠯᠯᠡᠭᠦᠯᠪᠡ᠃ ᠬᠥᠳᠡᠭᠡ ᠲᠣᠰᠬᠤᠨ ᠤ ᠭᠠᠵᠠᠷ ᠰᠢᠷᠣᠢ ᠶᠢᠨ ᠲᠦᠷᠦ ᠶᠢᠨ ᠪᠣᠳᠣᠯᠭ᠎ᠠ ᠪᠠ ᠳᠠᠭᠠᠭᠠᠴᠢᠯᠠᠨ ᠡᠵᠡᠩᠨᠡᠬᠦ ᠵᠢᠭᠤᠷᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠪᠣᠳᠠᠲᠤ ᠶᠠᠪᠤᠳᠠᠯ ᠤᠨ ᠵᠢᠷᠤᠮᠵᠢᠯ ᠬᠢᠭᠡᠳ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠬᠦ ᠲᠠᠢ ᠤᠶᠠᠯᠳᠤᠭᠤᠯᠤᠨ ᠪᠣᠯᠪᠠᠰᠤᠷᠠᠯ ᠤᠨ ᠠᠩᠭᠢ ᠳᠤ ᠡᠨᠡ ᠵᠢᠯ ᠤᠨ ᠭᠠᠵᠠᠷ ᠰᠢᠷᠣᠢ ᠶᠢᠨ ᠬᠥᠨᠳᠡᠯᠡᠨ ᠠᠴᠠ ᠲᠠᠰᠤᠯᠬᠤ ᠶᠢ ᠰᠢᠯᠭᠠᠨ ᠦᠨᠡᠯᠡᠬᠦ ᠭᠦᠢᠴᠡᠳᠬᠡᠯ ᠲᠤᠭ᠎ᠠ᠂ ᠴᠠᠭ ᠤᠨ ᠬᠢᠵᠠᠭᠠᠷ ᠤᠨ ᠱᠠᠭᠠᠷᠳᠠᠯᠭ᠎ᠠ᠂ ᠭᠡᠷᠡᠴᠢ ᠮᠠᠲ᠋ᠧᠷᠢᠶᠠᠯ ᠤᠨ ᠵᠢᠷᠤᠮᠵᠢᠯ ᠤᠨ ᠱᠠᠭᠠᠷᠳᠠᠯᠭ᠎ᠠ ᠵᠡᠷᠭᠡ ᠳᠤ ᠵᠦᠢᠯ ᠳᠠᠷᠠᠭᠠᠯᠠᠨ ᠲᠠᠶᠢᠯᠤᠮᠵᠢ ᠲᠣᠳᠣᠷᠬᠠᠶᠢᠯᠠᠯᠲᠠ ᠬᠢᠵᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号