ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠠᠷᠤ ᠬᠤᠷᠮᠣᠢ ᠶᠢᠨ ᠬᠠᠷ᠎ᠠ ᠬᠥᠷᠥᠰᠥᠨ ᠳᠤ | ᠴᠢᠭᠯᠡᠭᠦᠯᠦᠨ᠂ ᠡᠩ ᠤᠨ ᠲᠠᠷᠢᠶᠠᠯᠠᠭ᠎ᠠ ᠶᠢᠨ ᠨᠥᠬᠦᠴᠡᠯ ᠳᠣᠣᠷ᠎ᠠ᠂ ᠬᠠᠪᠤᠷ ᠤᠨ ᠤᠯᠠᠷᠢᠯ ᠤᠨ ᠰᠠᠯᠬᠢ ᠶᠡᠭᠡ᠂ | ᠭᠠᠵᠠᠷ ᠤᠨᠬᠦ᠋ᠷᠦᠰᠦ ᠨᠢ ᠢᠯᠡ᠂ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠰᠢᠷᠣᠢ ᠰᠡᠶᠢᠷᠡᠭᠵᠢᠭᠰᠡᠨ ᠠᠴᠠ ᠪᠣᠯᠵᠤ | ᠰᠠᠯᠬᠢᠨ ᠳᠤ ᠢᠳᠡᠭᠳᠡᠵᠦ ᠡᠯᠡᠰᠦᠵᠢᠬᠦ ᠨᠢ ᠬᠦᠨᠳᠦ ᠨᠣᠴᠢᠲᠠᠢ᠂ ᠬᠠᠷ᠎ᠠ ᠬᠥᠷᠥᠰᠥᠨ ᠤ ᠳᠠᠪᠬᠤᠷᠭ᠎ᠠ ᠨᠢᠮᠭᠡᠷᠡᠬᠦ᠂ | ᠲᠠᠷᠢᠶᠠᠯᠠᠬᠤ ᠳᠠᠪᠬᠤᠷᠭ᠎ᠠ ᠭᠦᠢᠬᠡᠨ ᠪᠣᠯᠬᠤ ᠪᠠ ᠬᠥᠷᠥᠰᠥᠨ ᠤ ᠰᠢᠮ᠎ᠡ ᠲᠡᠵᠢᠭᠡᠯ ᠠᠯᠳᠠᠭᠳᠠᠬᠤ᠂ ᠬᠠᠪᠤᠷ ᠤᠨ ᠭᠠᠩ | ᠬᠠᠭᠤᠷᠠᠢ᠂ ᠳᠣᠣᠷ᠎ᠠ ᠳᠤᠯᠠᠭᠠᠨ ᠵᠡᠷᠭᠡ ᠠᠰᠠᠭᠤᠳᠠᠯ ᠳᠤ ᠴᠢᠭᠯᠡᠭᠦᠯᠦᠨ᠂ ᠪᠤᠭᠤᠳᠠᠢ ᠪᠠ ᠲᠥᠮᠥᠰᠥ ᠶᠢᠨ ᠡᠭᠡᠯᠵᠢᠯᠡᠨ | ᠲᠠᠷᠢᠵᠤ ᠬᠠᠭᠠᠯᠪᠤᠷᠢᠯᠠᠬᠤ ᠦᠭᠡᠢ ᠪᠠᠷ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠲᠠᠨᠢᠯᠴᠠᠭᠤᠯᠤᠨ᠎ᠠ᠃ | ᠭᠤᠣᠯ ᠦᠨᠳᠦᠰᠦᠯᠡᠯ ᠨᠢ᠄ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠨᠢ ᠬᠥᠷᠥᠰᠥᠨ ᠤ ᠣᠷᠭᠠᠨᠢᠭ | ᠪᠣᠳᠠᠰ ᠢ ᠨᠡᠮᠡᠭᠳᠡᠭᠦᠯᠵᠦ᠂ ᠤᠰᠤ ᠬᠤᠷᠠᠮᠳᠤᠭᠤᠯᠤᠨ ᠴᠢᠬᠢᠭ ᠢ ᠬᠠᠮᠠᠭᠠᠯᠠᠵᠤ᠂ ᠭᠠᠵᠠᠷ ᠤᠨ ᠳᠤᠯᠠᠭᠠᠨ ᠢ ᠲᠣᠬᠢᠷᠠᠭᠤᠯᠤᠨ᠂ | ᠬᠥᠷᠥᠰᠥ ᠰᠢᠷᠣᠢ ᠶᠢᠨ ᠪᠦᠲᠦᠴᠡ ᠶᠢ ᠢᠯᠡᠳᠲᠡ ᠬᠤᠪᠢᠷᠠᠭᠤᠯᠵᠤ᠂ ᠪᠤᠭᠤᠳᠠᠢ ᠪᠠ ᠲᠥᠮᠥᠰᠥ ᠶᠢ ᠡᠭᠡᠯᠵᠢᠯᠡᠨ ᠳᠠᠷᠢᠬᠤ | ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠳᠠᠷᠢᠬᠤ ᠮᠡᠷᠭᠡᠵᠢᠯ ᠢ ᠲᠥᠬᠦᠷᠵᠢᠭᠦᠯᠪᠡᠯ᠂ ᠬᠥᠷᠥᠰᠥ ᠰᠢᠷᠣᠢ ᠶᠢᠨ | ᠰᠠᠯᠬᠢᠨ ᠳᠤ ᠢᠳᠡᠭᠳᠡᠵᠦ ᠡᠯᠡᠰᠦᠵᠢᠬᠦ ᠶᠢ ᠪᠦᠲᠦᠮᠵᠢᠲᠡᠶ ᠬᠤᠷᠢᠭᠯᠠᠵᠤ᠂ ᠬᠥᠷᠥᠰᠥ ᠰᠢᠷᠣᠢ ᠶᠢᠨ ᠤᠰᠤ ᠬᠠᠳᠠᠭᠠᠯᠠᠬᠤ | ᠴᠢᠳᠠᠪᠤᠷᠢ ᠶᠢ ᠨᠡᠮᠡᠭᠳᠡᠭᠦᠯᠦᠨ᠂ ᠬᠥᠷᠥᠰᠥ ᠰᠢᠷᠣᠢ ᠶᠢ ᠬᠠᠮᠠᠭᠠᠯᠠᠨ ᠤᠰᠤ ᠶᠢ ᠬᠠᠮᠠᠭᠠᠯᠠᠵᠤ᠂ ᠬᠥᠷᠥᠰᠥ ᠰᠢᠷᠣᠢ ᠶᠢᠨ | ᠣᠷᠭᠠᠨᠢᠭ ᠪᠣᠳᠠᠰ ᠤᠨ ᠠᠭᠤᠯᠤᠭᠳᠠᠴᠠ ᠶᠢ ᠨᠡᠮᠡᠭᠳᠡᠭᠦᠯᠦᠨ᠂ ᠬᠥᠷᠥᠰᠥ ᠰᠢᠷᠣᠢ ᠶᠢ ᠰᠢᠮᠡᠵᠢᠭᠦᠯᠵᠦ᠂ ᠭᠠᠵᠠᠷ ᠤᠨ | ᠰᠢᠮ᠎ᠡ ᠶᠢ ᠳᠡᠭᠡᠭᠰᠢᠯᠡᠭᠦᠯᠵᠦ᠂ ᠡᠰᠢ ᠰᠦᠷᠡᠯ ᠢ ᠰᠢᠲᠠᠭᠠᠬᠤ᠂ ᠡᠮᠬᠢ ᠵᠠᠮᠪᠠᠷᠠᠭ᠎ᠠ ᠦᠭᠡᠢ ᠪᠠᠷ ᠣᠪᠣᠭᠠᠯᠠᠬᠤ ᠵᠡᠷᠭᠡ ᠠᠴᠠ | ᠪᠣᠯᠤᠭᠰᠠᠨ ᠣᠷᠴᠢᠨ ᠲᠣᠭᠤᠷᠢᠨ ᠤ ᠪᠣᠬᠢᠷᠲᠤᠯ ᠢ ᠪᠦᠲᠦᠮᠵᠢᠲᠡᠶ ᠬᠤᠷᠢᠭᠯᠠᠵᠤ ᠴᠢᠳᠠᠨ᠎ᠠ᠃ ᠲᠣᠰ ᠵᠠᠭᠪᠤᠷ ᠨᠢ | ᠮᠠᠰᠢᠨ ᠢᠶᠠᠷ ᠠᠵᠢᠯᠯᠠᠬᠤ ᠠᠵᠢᠯ ᠤᠨ ᠳᠠᠷᠠᠭᠠᠯᠠᠯ ᠢ ᠪᠠᠭᠠᠰᠬᠠᠵᠤ᠂ ᠤᠰᠤ ᠪᠠ ᠪᠣᠷᠳᠣᠭᠤᠷ ᠢ ᠠᠰᠢᠭᠯᠠᠬᠤ ᠨᠣᠷᠮ᠎ᠠ ᠶᠢ | ᠳᠡᠭᠡᠭᠰᠢᠯᠡᠭᠦᠯᠦᠨ᠂ ᠪᠤᠭᠤᠳᠠᠢ ᠶᠢᠨ ᠲᠥᠷᠥᠯ᠂ ᠰᠢᠯᠢᠮᠳᠡᠭ ᠤᠨ ᠭᠠᠷᠤᠯᠲᠠ ᠶᠢ 8%-12% ᠢᠶᠠᠷ ᠳᠡᠭᠡᠭᠰᠢᠯᠡᠭᠦᠯᠵᠦ | ᠪᠣᠯᠣᠨ᠎ᠠ᠃ ᠲᠣᠰ ᠮᠡᠷᠭᠡᠵᠢᠯ ᠤᠨ ᠵᠠᠭᠪᠤᠷ ᠢ ᠨᠢᠭᠡᠨᠲᠡ ᠶᠠᠭᠰᠢ ᠬᠤᠲᠠ᠂ ᠬᠠᠶᠢᠯᠠᠷ ᠲᠣᠭᠤᠷᠢᠭ ᠲᠤ ᠳᠡᠯᠭᠡᠷᠡᠭᠦᠯᠦᠨ | ᠵᠢᠱᠢᠶ᠎ᠡ ᠦᠵᠡᠭᠦᠯᠪᠡ᠃ | ᠮᠡᠷᠭᠡᠵᠢᠯ ᠤᠨ ᠭᠤᠣᠯᠳᠠᠯᠭ᠎ᠠ᠄ ᠰᠢᠯᠢᠮᠳᠡᠭ︱ᠪᠤᠭᠤᠳᠠᠢ ︵ᠠᠷᠪᠠᠢ︶︱ᠲᠥᠮᠥᠰᠥ ︵ᠤᠰᠤ ᠪᠣᠷᠳᠣᠭᠤᠷ ᠢ ᠨᠢᠭᠡ | ᠴᠣᠭᠴᠠᠵᠢᠭᠤᠯᠬᠤ︶︱ᠪᠤᠭᠤᠳᠠᠢ ︵ᠠᠷᠪᠠᠢ︶ ᠶᠢ ᠡᠭᠡᠯᠵᠢᠯᠡᠨ ᠲᠠᠷᠢᠬᠤ ᠵᠠᠭᠪᠤᠷ ᠢ ᠬᠡᠷᠡᠭᠯᠡᠨ᠎ᠡ᠂ ᠲᠤᠬᠠᠶᠢᠯᠠᠪᠠᠯ᠄ | ᠨᠢᠭᠡᠳᠦᠭᠡᠷ ᠵᠢᠯ ᠳᠤ ᠬᠠᠭᠠᠯᠪᠤᠷᠢᠯᠠᠬᠤ ᠦᠭᠡᠢ ᠪᠠᠷ ᠰᠢᠯᠢᠮᠳᠡᠭ ᠲᠠᠷᠢᠨ᠎ᠠ᠂ ᠰᠢᠯᠢᠮᠳᠡᠭ ᠢ ᠴᠠᠭ ᠲᠤᠨᠢ ᠲᠣᠬᠢᠷᠠᠭᠤᠯᠤᠨ | ᠡᠷᠲᠡ ᠲᠠᠷᠢᠵᠤ᠂ ᠡᠷᠲᠡ ᠪᠣᠯᠪᠠᠰᠤᠷᠠᠬᠤ ᠪᠤᠭᠤᠳᠠᠢ ︵ᠠᠷᠪᠠᠢ︶ ᠶᠢ ᠵᠣᠬᠢᠬᠤ ᠬᠡᠮᠵᠢᠶ᠎ᠡ ᠪᠠᠷ ᠣᠷᠣᠢ ᠲᠠᠷᠢᠨ᠎ᠠ᠂ ᠨᠠᠮᠤᠷ ᠤᠨ | ᠬᠤᠷᠢᠶᠠᠯᠲᠠ ᠶᠢᠨ ᠭᠤᠤᠷᠰᠤ ᠶᠢ ᠦᠯᠡᠳᠡᠭᠡᠵᠦ᠂ ᠪᠤᠭᠤᠳᠠᠢ ︵ᠠᠷᠪᠠᠢ︶ ᠶᠢᠨ ᠭᠤᠤᠷᠰᠤ ᠦᠯᠡᠳᠡᠭᠡᠬᠦ ᠥᠨᠳᠥᠷ ᠤᠨ | ᠬᠡᠮᠵᠢᠶ᠎ᠡ ᠨᠢ 15-20cm᠂ ᠰᠢᠯᠢᠮᠳᠡᠭ ᠤᠨ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ ᠨᠢ 20-25cm | ᠪᠣᠯᠣᠨ᠎ᠠ᠃ ᠡᠰᠢ ᠰᠦᠷᠡᠯ ᠢ ᠬᠡᠮᠬᠡᠯᠦᠭᠰᠡᠨ ᠤ ᠳᠠᠷᠠᠭ᠎ᠠ ᠭᠠᠵᠠᠷ ᠤᠨ ᠬᠦᠷᠦᠰᠦᠨ ᠲᠡᠭᠡᠷ᠎ᠡ ᠵᠢᠭᠳᠡ ᠪᠠᠷ ᠰᠠᠴᠤᠵᠤ᠂ | 100% ᠪᠠᠷ ᠪᠦᠷᠬᠦᠭᠦᠯᠵᠦ᠂ ᠰᠠᠴᠤᠭᠰᠠᠨ ᠨᠢᠮᠭᠡᠨ ᠵᠤᠵᠠᠭᠠᠨ ᠨᠢ ᠨᠢᠭᠡᠳᠦᠯᠲᠡᠢ ᠪᠠᠶᠢᠬᠤ ᠬᠡᠷᠡᠭᠲᠡᠢ︔ ᠬᠤᠶᠠᠳᠤᠭᠠᠷ | ᠵᠢᠯ ᠳᠤ ᠭᠤᠤᠷᠰᠤ ᠲᠠᠢ ᠨᠠᠷᠬ᠎ᠠ ᠶᠢ ᠬᠠᠭᠠᠯᠪᠤᠷᠢᠯᠠᠬᠤ ᠦᠭᠡᠢ ᠪᠠᠷ ᠪᠤᠭᠤᠳᠠᠢ ︵ᠠᠷᠪᠠᠢ︶ ᠲᠠᠷᠢᠵᠤ᠂ ᠨᠠᠮᠤᠷ ᠤᠨ | ᠬᠤᠷᠢᠶᠠᠯᠲᠠ ᠳᠤ ᠭᠤᠤᠷᠰᠤ ᠦᠯᠡᠳᠡᠭᠡᠵᠦ᠂ ᠭᠦᠨ ᠤᠷᠪᠠᠭᠤᠯᠵᠤ ᠲᠠᠬᠢᠨ ᠨᠠᠷᠬᠠᠳᠠᠨ᠎ᠠ︔ ᠭᠤᠷᠪᠠᠳᠤᠭᠠᠷ ᠵᠢᠯ ᠳᠤ | ᠲᠥᠮᠥᠰᠥ ᠳᠠᠷᠢᠬᠤ ᠳᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠤᠰᠤ ᠠᠷᠪᠢᠯᠠᠬᠤ ᠤᠰᠤᠯᠠᠯᠲᠠ ᠬᠢᠵᠦ᠂ | ᠨᠠᠮᠤᠷ ᠤᠨ ᠤᠯᠠᠷᠢᠯ ᠳᠤ ᠳᠠᠬᠢᠨ ᠨᠠᠷᠬᠠᠳᠠᠨ᠎ᠠ︔ ᠳᠥᠷᠪᠡᠳᠦᠭᠡᠷ ᠵᠢᠯ ᠳᠤ ᠬᠠᠭᠠᠯᠪᠤᠷᠢᠯᠠᠬᠤ ᠦᠭᠡᠢ ᠪᠠᠷ ᠪᠤᠭᠤᠳᠠᠢ | ︵ᠠᠷᠪᠠᠢ︶ ᠶᠢ ᠲᠠᠷᠢᠵᠤ᠂ ᠨᠠᠮᠤᠷ ᠤᠨ ᠤᠯᠠᠷᠢᠯ ᠤᠨ ᠬᠤᠷᠢᠶᠠᠯᠲᠠ ᠳᠤ ᠭᠤᠤᠷᠰᠤ ᠦᠯᠡᠳᠡᠭᠡᠵᠦ᠂ ᠡᠰᠢ ᠰᠦᠷᠡᠯ ᠢ | ᠰᠠᠴᠤᠵᠤ ᠭᠠᠵᠠᠷ ᠤᠨ ᠬᠦᠷᠦᠰᠦ ᠶᠢ ᠪᠦᠷᠬᠦᠭᠦᠯᠦᠨ᠎ᠡ᠃ |