ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠤ ᠡᠵᠡᠩᠨᠡᠯᠲᠡ ᠶᠢᠨ ᠠᠵᠤ ᠠᠬᠤᠶᠢᠯᠠᠯ ᠤᠨ GSP ᠰᠢᠯᠭᠠᠨ ᠪᠠᠶᠢᠴᠠᠭᠠᠵᠤ ᠠᠪᠤᠭᠰᠠᠨ ᠪᠠᠶᠢᠳᠠᠯ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/6/11
      ︽ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮᠵᠢᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮᠵᠢᠯ ᠢ ᠬᠡᠷᠡᠭᠵᠢᠭᠦᠯᠬᠦ ᠨᠠᠷᠢᠨ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ GSP ᠰᠢᠯᠭᠠᠨ ᠪᠠᠶᠢᠴᠠᠭᠠᠵᠤ ᠰᠢᠯᠭᠠᠨ ᠲᠣᠭᠲᠠᠭᠠᠬᠤ ᠪᠠᠷᠢᠮᠵᠢᠶ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠨ ᠵᠠᠷᠤᠳ ᠬᠤᠰᠢᠭᠤᠨ ᠤ ᠪᠠᠶᠠᠵᠢᠨ᠎ᠠ ᠮᠠᠯ ᠤᠨ ᠡᠮ ᠤᠨ ᠳᠡᠯᠭᠡᠭᠦᠷ᠂ ᠲᠦᠩᠯᠢᠶᠣᠣ ᠬᠤᠲᠠ ᠶᠢᠨ ᠯᠢ ᠰᠢᠨ ᠴᠠᠭᠠᠨ ᠢᠳᠡᠭᠡᠨ ᠤ ᠦᠢᠯᠡᠰ ᠤᠨ ᠮᠠᠰᠢᠨ ᠪᠣᠷᠣᠯᠠᠭᠤᠯᠬᠤ ᠬᠢᠵᠠᠭᠠᠷᠲᠤ ᠺᠣᠮᠫᠠᠨᠢ᠂ ᠣᠲᠤᠭ ᠤᠨ ᠡᠮᠦᠨᠡᠲᠦ ᠬᠤᠰᠢᠭᠤᠨ ᠤ ᠲᠤᠤ ᠯᠦᠩ ᠮᠠᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠮᠦ ᠶᠣᠣ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠺᠦ᠋ ᠠᠢ ᠡᠩᠬᠦᠷᠡᠢ ᠠᠮᠢᠲᠠᠨ ᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠤᠯᠠᠭᠠᠨᠬᠤᠲᠠ ᠶᠢᠨ ᠲᠢᠶᠠᠨ ᠾᠧᠩ ᠠᠮᠢᠲᠠᠨ ᠤ ᠡᠮ ᠪᠣᠷᠣᠯᠠᠭᠤᠯᠬᠤ ᠬᠢᠵᠠᠭᠠᠷᠲᠤ ᠺᠣᠮᠫᠠᠨᠢ᠂ ᠪᠣᠭᠤᠲᠤ ᠬᠤᠲᠠ ᠶᠢᠨ ᠵᠢᠦᠶᠤᠸᠠᠨ ᠲᠤᠭᠤᠷᠢᠭ ᠤᠨ ᠸᠧᠨ ᠳ᠋ᠢᠩ ᠮᠠᠯ ᠠᠵᠤ ᠠᠬᠤᠢ ᠶᠢᠨ ᠡᠮᠨᠡᠯᠭᠡ ᠶᠢᠨ ᠦᠢᠯᠡᠴᠢᠯᠡᠭᠡᠨ ᠤ ᠭᠠᠵᠠᠷ᠂ ᠥᠪᠥᠷ ᠮᠣᠩᠭᠤᠯ ᠤᠨ ᠢ ᠮᠦ ᠳ᠋ᠦᠩ ᠪᠣᠣ ᠬᠤᠳᠠᠯᠳᠤᠭᠠᠨ ᠤ ᠠᠷᠠᠯᠵᠢᠶᠠᠨ ᠤ ᠬᠢᠵᠠᠭᠠᠷᠲᠤ ᠺᠣᠮᠫᠠᠨᠢ ᠵᠡᠷᠭᠡ 8 ᠮᠠᠯ ᠤᠨ ᠡᠮ ᠡᠵᠡᠩᠨᠡᠬᠦ ᠠᠵᠤ ᠠᠬᠤᠶᠢᠯᠠᠯ ᠤᠨ ᠮᠠᠲ᠋ᠧᠷᠢᠶᠠᠯ ᠤᠨ ᠬᠢᠨᠠᠨ ᠪᠠᠶᠢᠴᠠᠭᠠᠯᠲᠠ᠂ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠪᠡ᠃ ᠡᠳᠦᠭᠡ ᠦᠷ᠎ᠡ ᠳ᠋ᠦᠩ ᠢ ᠵᠠᠷᠯᠠᠨ ᠨᠡᠶᠢᠲᠡᠯᠡᠵᠦ ᠪᠠᠶᠢᠨ᠎ᠠ᠂ ᠵᠠᠷᠯᠠᠨ ᠨᠡᠶᠢᠲᠡᠯᠡᠬᠦ ᠬᠤᠭᠤᠴᠠᠭ᠎ᠠ  ᠨᠢ 2024 ᠣᠨ ᠤ 6 ᠰᠠᠷ᠎ᠠ ᠶᠢᠨ 8 ᠤ ᠡᠳᠦᠷ ᠠᠴᠠ 6 ᠰᠠᠷ᠎ᠠ ᠶᠢᠨ 17 ᠤ ᠡᠳᠦᠷ ᠪᠣᠯᠲᠠᠯ᠎ᠠ᠃ ᠰᠠᠨᠠᠯ ᠰᠠᠨᠠᠭᠤᠯᠭ᠎ᠠ ᠪᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠳᠤ ᠬᠠᠷᠢᠭᠤ ᠳᠤᠰᠬᠠᠭᠠᠷᠠᠢ᠃ ᠬᠠᠷᠢᠯᠴᠠᠬᠤ ᠠᠷᠭ᠎ᠠ᠄       ᠬᠠᠷᠢᠯᠴᠠᠬᠤ ᠬᠥᠮᠥᠨ᠄ ᠴᠧᠨ ᠬᠠᠢ ᠫᠢᠩ      ᠬᠢᠨᠠᠯᠲᠠ ᠲᠠᠯᠪᠢᠬᠤ ᠤᠲᠠᠰᠤ᠄ 0471 - 6651798      ᠹᠠᠺᠰ᠄ 0471 - 6652269      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠤᠮᠸᠷ         ᠳᠠᠭᠠᠯᠳᠤᠭᠤᠯᠤᠯ᠄ ᠮᠠᠯ ᠤᠨ ᠡᠮ ᠡᠵᠡᠩᠨᠡᠬᠦ ᠠᠵᠤ ᠠᠬᠤᠶᠢᠯᠠᠯ ᠤᠨ GSP ᠰᠢᠯᠭᠠᠨ ᠪᠠᠶᠢᠴᠠᠭᠠᠵᠤ ᠠᠪᠤᠭᠰᠠᠨ ᠪᠠᠶᠢᠳᠠᠯ ᠤᠨ ᠵᠠᠷᠯᠠᠨ ᠨᠡᠶᠢᠲᠡᠯᠡᠬᠦ ᠬᠦᠰᠦᠨᠦᠭᠲᠦ                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                      ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                               2024 ᠣᠨ ᠤ 6 ᠰᠠᠷ᠎ᠠ ᠶᠢᠨ 8 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号