ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠤᠷᠢᠬᠤ ᠠᠵᠢᠯ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/6/11
      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠵᠡᠷᠭᠡ 6 ᠰᠠᠯᠠᠭ᠎ᠠ ᠮᠥᠴᠢᠷ ᠤᠨ ︽ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠨᠡᠭᠡᠭᠡᠨ ᠬᠥᠭᠵᠢᠭᠦᠯᠵᠦ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠪᠠᠶᠢᠷᠢ ᠳᠤ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠩᠭᠡᠬᠡᠨ ᠠᠪᠴᠤ ᠠᠵᠢᠯ ᠣᠯᠭᠤᠬᠤ ᠶᠢ ᠵᠣᠷᠢᠭᠵᠢᠭᠤᠯᠬᠤ ᠲᠤᠬᠠᠢ ᠮᠡᠳᠡᠭᠳᠡᠯ︾ ︵ᠤᠯᠤᠰ ᠰᠢᠨᠵᠢᠯᠡᠬᠦ ᠤᠬᠠᠭᠠᠨ ᠬᠦᠭᠵᠢᠭᠦᠯᠦᠯᠲᠡ ᠡᠬᠢ ᠪᠠᠶᠠᠯᠢᠭ ᠲᠠᠷᠬᠠᠭᠠᠭᠰᠠᠨ ﹇2020﹈ 132 ᠳ᠋ᠤᠭᠠᠷ ᠲᠣᠭᠠᠲᠤ︶ ᠪᠠ ︽ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠪᠠᠶᠢᠷᠢ ᠶᠢᠨ ᠨᠡᠭᠡᠭᠡᠨ ᠬᠥᠭᠵᠢᠭᠦᠯᠬᠦ ᠪᠠ ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠮᠡᠳᠡᠭᠳᠡᠯ︾ ︵ᠥᠪᠥᠷ ᠰᠢᠨᠵᠢᠯᠡᠬᠦ ᠤᠬᠠᠭᠠᠨ ᠦᠷ᠎ᠡ ᠳ᠋ᠦᠩ ᠦᠰᠦᠭ ﹇2020﹈ 29 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠨᠢ ᠡᠳᠦᠭᠡ ᠨᠡᠶᠢᠭᠡᠮ ᠳᠤ ᠬᠠᠨᠳᠤᠭᠤᠯᠤᠨ ᠣᠷᠣᠨ ᠲᠣᠭᠠᠨ ᠠᠴᠠ ᠭᠠᠳᠠᠨᠠᠬᠢ 2 ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢ ᠢᠯᠡ ᠪᠠᠷ ᠤᠷᠢᠵᠤ ᠪᠠᠶᠢᠨ᠎ᠠ᠃      ᠨᠢᠭᠡ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ      ᠭᠤᠣᠯ ᠡᠭᠦᠷᠭᠡ ᠬᠠᠷᠢᠭᠤᠴᠠᠯᠭ᠎ᠠ ᠨᠢ ᠰᠤᠳᠤᠯᠭᠠᠨ ᠤ ᠪᠦᠯᠬᠦᠮ ᠳᠤ ᠬᠠᠮᠵᠢᠨ ᠰᠤᠳᠤᠯᠭᠠᠨ ᠤ ᠠᠵᠢᠯ ᠢ ᠪᠡᠶᠡᠯᠡᠭᠦᠯᠵᠦ᠂ ᠰᠤᠳᠤᠯᠭᠠᠨ ᠤ ᠲᠤᠭ᠎ᠠ ᠪᠠᠷᠢᠮᠲᠠ ᠶᠢ ᠴᠤᠬᠯᠠᠭᠤᠯᠬᠤ᠂ ᠡᠮᠬᠢᠯᠡᠬᠦ᠂ ᠵᠠᠳᠠᠯᠬᠤ ᠪᠠ ᠰᠢᠢᠳᠪᠦᠷᠢᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠢ ᠵᠣᠬᠢᠶᠠᠨ ᠪᠠᠶᠢᠭᠤᠯᠬᠤ ᠪᠠ ᠬᠠᠮᠢᠶᠠᠷᠬᠤ ᠵᠡᠷᠭᠡ ᠡᠭᠦᠷᠭᠡ ᠶᠢ ᠪᠡᠶᠡᠯᠡᠭᠦᠯᠦᠨ᠎ᠡ᠃      ᠬᠤᠶᠠᠷ᠂ ᠤᠷᠢᠭᠳᠠᠬᠤ ᠦᠨᠳᠦᠰᠦᠨ ᠱᠠᠭᠠᠷᠳᠠᠯᠭ᠎ᠠ      ︵ᠨᠢᠭᠡ︶ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠨᠢ ᠪᠠᠲᠤ ᠴᠢᠩᠭ᠎ᠠ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠡᠮᠬᠢᠯᠡᠵᠦ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠤᠷᠤᠭᠰᠢᠯᠠᠬᠤ ᠰᠡᠳᠬᠢᠯ᠂ ᠬᠠᠷᠢᠭᠤᠴᠠᠯᠭᠠᠲᠤ ᠰᠡᠳᠬᠢᠯ ᠢᠶᠠᠷ ᠴᠢᠩᠭ᠎ᠠ ᠪᠠᠶᠢᠬᠤ ᠬᠡᠷᠡᠭᠲᠡᠢ︔      ︵ᠬᠤᠶᠠᠷ︶ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠢ︔      ︵ᠭᠤᠷᠪᠠ︶ ᠵᠣᠬᠢᠬᠤ ᠠᠵᠢᠯ ᠤᠨ ᠪᠠᠶᠢᠷᠢ ᠶᠢᠨ ᠠᠵᠢᠯ ᠢ ᠡᠭᠦᠷᠭᠡᠯᠡᠬᠦ ᠳᠤ ᠬᠡᠷᠡᠭᠰᠡᠬᠦ ᠲᠤᠰᠬᠠᠢ ᠮᠡᠷᠭᠡᠵᠢᠯ᠂ ᠮᠡᠳᠡᠯᠭᠡ᠂ ᠴᠢᠳᠠᠪᠤᠷᠢ ᠪᠠ ᠬᠡᠪ ᠪᠣᠯᠪᠠᠰᠤᠷᠠᠯ ᠵᠢᠴᠢ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠵᠣᠬᠢᠴᠠᠬᠤ ᠪᠡᠶ᠎ᠡ ᠮᠠᠬᠠᠪᠤᠳ ᠤᠨ ᠨᠥᠬᠦᠴᠡᠯ ᠲᠠᠢ ᠪᠠᠶᠢᠬᠤ ᠬᠡᠷᠡᠭᠲᠡᠢ︔      ︵ᠳᠥᠷᠪᠡ︶ ᠤᠷᠢᠭᠳᠠᠭᠰᠠᠳ ᠨᠢ ᠲᠤᠰ ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠳ ᠪᠠᠶᠢᠵᠤ᠂ ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠠᠵᠢᠯ ᠤᠯᠤᠬᠰᠠᠳ ᠦᠭᠡᠢ ᠭᠡᠷ ᠪᠦᠯᠢ ᠵᠢᠴᠢ ᠵᠡᠮᠳᠡᠭ  ᠲᠠᠢ ᠲᠤᠰ ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠳ ᠢᠶᠠᠷ ᠪᠤᠳᠤᠯᠬᠢᠯᠠᠨ᠎ᠠ᠃      ᠭᠤᠷᠪᠠ᠂ ᠠᠵᠢᠯ ᠤᠨ ᠪᠠᠶᠢᠷᠢ ᠶᠢᠨ ᠱᠠᠭᠠᠷᠳᠠᠯᠭ᠎ᠠ      ︵ᠨᠢᠭᠡ︶ ᠨᠡᠯᠢᠶᠡᠳ ᠰᠠᠶᠢᠨ ᠦᠰᠦᠭ ᠪᠢᠴᠢᠭ ᠤᠨ ᠮᠡᠷᠭᠡᠵᠢᠯ ᠲᠠᠢ ᠪᠠᠶᠢᠵᠤ᠂ Excel᠂ word ᠵᠡᠷᠭᠡ ᠠᠯᠪᠠᠨ ᠠᠵᠢᠯ ᠤᠨ ᠵᠥᠭᠡᠯᠡᠨ ᠬᠡᠷᠡᠭᠰᠡᠯ ᠢ ᠪᠣᠯᠪᠠᠰᠤᠷᠠᠩᠭᠤᠢ ᠬᠡᠷᠡᠭᠯᠡᠵᠦ ᠴᠢᠳᠠᠬᠤ ᠬᠡᠷᠡᠭᠲᠡᠢ᠃      ︵ᠬᠤᠶᠠᠷ︶ ᠰᠠᠶᠢᠨ ᠰᠠᠶᠢᠬᠠᠨ ᠰᠤᠷᠤᠯᠴᠠᠬᠤ ᠴᠢᠳᠠᠪᠤᠷᠢ ᠲᠠᠢ ᠪᠠᠶᠢᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠮᠡᠳᠡᠯᠭᠡ ᠪᠠ ᠲᠤᠷᠰᠢᠯᠲᠠ ᠶᠢᠨ ᠤᠷ᠎ᠠ ᠴᠢᠳᠠᠪᠤᠷᠢ ᠶᠢ ᠪᠦᠷᠢᠯᠳᠦᠭᠦᠯᠵᠦ᠂ ᠰᠠᠶᠢᠨ ᠰᠠᠶᠢᠬᠠᠨ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠵᠣᠷᠢᠭ ᠰᠠᠨᠠᠭ᠎ᠠ ᠪᠠ ᠨᠡᠪᠲᠡᠷᠡᠯᠴᠡᠬᠦ ᠴᠢᠳᠠᠪᠤᠷᠢ ᠲᠠᠢ ᠪᠠᠶᠢᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠡᠳᠦᠷ ᠲᠤᠳᠤᠮ ᠤᠨ ᠠᠵᠢᠯ ᠢ ᠪᠡᠶ᠎ᠡ ᠪᠠᠨ ᠳᠠᠭᠠᠭᠠᠵᠤ ᠪᠡᠶᠡᠯᠡᠭᠦᠯᠵᠦ ᠴᠢᠳᠠᠬᠤ ᠬᠡᠷᠡᠭᠲᠡᠢ᠃      ︵ᠭᠤᠷᠪᠠ︶ ᠦᠨᠳᠦᠰᠦᠨ ᠱᠠᠲᠤᠨ ᠳᠤ ᠭᠦᠨᠵᠡᠭᠡᠶᠢᠷᠡᠨ ᠲᠤᠷᠰᠢᠯᠲᠠ ᠶᠢᠨ ᠰᠤᠳᠤᠯᠭᠠᠨ ᠤ ᠠᠵᠢᠯ ᠢ ᠥᠷᠨᠢᠭᠦᠯᠬᠦ ᠶᠢ ᠬᠦᠯᠢᠶᠡᠨ ᠠᠪᠬᠤ ᠶᠢᠨ ᠬᠠᠮᠲᠤ ᠵᠣᠬᠢᠴᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠣᠳᠣᠬᠢ ᠪᠠᠶᠢᠳᠠᠯ᠂ ᠠᠰᠠᠭᠤᠳᠠᠯ ᠪᠠ ᠬᠥᠭᠵᠢᠯᠲᠡ ᠶᠢᠨ ᠬᠠᠨᠳᠤᠰᠢ ᠶᠢ ᠣᠶᠢᠯᠠᠭᠠᠵᠤ ᠴᠢᠳᠠᠬᠰᠠᠳ ᠢ ᠤᠷᠢᠳ ᠢᠶᠠᠷ ᠪᠤᠳᠤᠯᠬᠢᠯᠠᠨ᠎ᠠ᠃      ᠳᠥᠷᠪᠡ᠂ ᠠᠵᠢᠯᠲᠠᠨ ᠡᠯᠰᠡᠬᠦ ᠠᠵᠢᠯ ᠤᠨ ᠪᠠᠶᠢᠷᠢ᠂ ᠬᠥᠮᠥᠨ ᠤ ᠲᠤᠭ᠎ᠠ ᠵᠢᠴᠢ ᠲᠤᠰᠢᠶᠠᠯ ᠡᠭᠦᠷᠭᠡᠯᠡᠬᠦ ᠨᠥᠬᠦᠴᠡᠯ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ︾ ︵ᠳᠠᠭᠠᠯᠳᠤᠭᠤᠯᠤᠯ 1︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠪᠠᠶᠢᠷᠢ ᠶᠢᠨ ᠨᠡᠷ᠎ᠡ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 2︶ ᠲᠤ ᠨᠠᠷᠢᠨ ᠦᠵᠡᠭᠡᠷᠡᠢ᠃      ᠲᠠᠪᠤ᠂ ᠨᠡᠷ᠎ᠡ ᠮᠡᠳᠡᠭᠦᠯᠬᠦ ᠬᠤᠭᠤᠴᠠᠭ᠎ᠠ ᠬᠢᠭᠡᠳ ᠠᠷᠭ᠎ᠠ      ︵ᠨᠢᠭᠡ︶ ᠨᠡᠷ᠎ᠡ ᠮᠡᠳᠡᠭᠦᠯᠬᠦ ᠬᠤᠭᠤᠴᠠᠭ᠎ᠠ᠄ ᠡᠨᠡ ᠡᠳᠦᠷ ᠠᠴᠠ 2024 ᠣᠨ ᠤ 6 ᠰᠠᠷ᠎ᠠ ᠶᠢᠨ 20 ᠤ ᠡᠳᠦᠷ ᠪᠣᠯᠲᠠᠯ᠎ᠠ᠃      ︵ᠬᠤᠶᠠᠷ︶ ᠨᠡᠷ᠎ᠡ ᠮᠡᠳᠡᠭᠦᠯᠬᠦ ᠠᠷᠭ᠎ᠠ᠄ ︽ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠪᠠᠶᠢᠷᠢ ᠶᠢᠨ ᠤᠷᠢᠭᠳᠠᠬᠤ ᠨᠡᠷ᠎ᠡ ᠮᠡᠳᠡᠭᠦᠯᠬᠦ ᠬᠦᠰᠦᠨᠦᠭᠲᠦ︾ ᠬᠢᠭᠡᠳ ᠬᠠᠮᠢᠶ᠎ᠠ ᠪᠦᠬᠦᠢ ᠤᠷᠢᠭᠳᠠᠬᠤ ᠮᠠᠲ᠋ᠧᠷᠢᠶᠠᠯ ︵ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ᠂ ᠬᠠᠮᠢᠶ᠎ᠠ ᠪᠦᠬᠦᠢ ᠬᠢᠷᠢ ᠬᠡᠮ ᠤᠨ ᠦᠨᠡᠮᠯᠡᠯ ᠪᠠ ᠭᠡᠷᠡᠴᠢᠯᠡᠬᠦ ᠮᠠᠲ᠋ᠧᠷᠢᠶᠠᠯ︶ ᠰᠢᠷᠪᠢᠯᠲᠡ ᠶᠢ ᠲᠠᠭᠯᠠᠬᠤ ᠶᠢᠨ ᠬᠠᠮᠲᠤ ᠡᠯᠰᠡᠬᠦ ᠠᠵᠢᠯ ᠤᠨ ᠪᠠᠶᠢᠷᠢ ᠶᠢᠨ ᠢᠮᠧᠯ᠂ ᠰᠢᠤᠳᠠᠨ ᠤ ᠭᠠᠷᠴᠠᠭ ᠢ ᠨᠢᠭᠡᠳᠦᠯᠲᠡᠢ ᠪᠠᠷ᠄ 2024 ᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ + ᠣᠪᠣᠭ ᠨᠡᠷ᠎ᠡ᠃      ᠮᠠᠨ ᠤ ᠨᠢᠭᠡᠴᠡ ᠤᠷᠢᠭᠳᠠᠭᠰᠠᠳ ᠤᠨ ᠤᠷᠢᠭᠳᠠᠬᠤ ᠨᠥᠬᠦᠴᠡᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠳ ᠢ ᠨᠢᠭᠤᠷᠲᠠᠨ ᠰᠢᠯᠭᠠᠬᠤ ᠴᠠᠭ ᠲᠤ ᠠᠰ ᠲᠤᠨᠢ ᠮᠡᠳᠡᠭᠳᠡᠵᠦ᠂ ᠨᠢᠭᠤᠷᠲᠠᠨ ᠰᠢᠯᠭᠠᠬᠤ ᠭᠤᠭᠴᠤᠭ᠎ᠠ ᠳᠤ ᠣᠷᠣᠭᠰᠠᠨ ᠦᠭᠡᠢ ᠬᠥᠮᠥᠰ ᠢ ᠳᠠᠬᠢᠵᠤ ᠠᠰ ᠲᠤᠨᠢ ᠮᠡᠳᠡᠭᠳᠡᠬᠦ ᠦᠭᠡᠢ᠃          ᠵᠢᠷᠭᠤᠭ᠎ᠠ᠂ ᠠᠵᠢᠯ ᠤᠨ ᠪᠠᠶᠢᠷᠢ ᠶᠢᠨ ᠣᠯᠭᠤᠮᠵᠢ ᠵᠢᠴᠢ ᠬᠠᠮᠢᠶᠠᠷᠤᠯᠲᠠ      ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠪᠠᠶᠢᠷᠢ  ᠨᠢ ᠲᠦᠷ ᠴᠠᠭ ᠤᠨ ᠴᠢᠨᠠᠷᠲᠠᠢ ᠠᠵᠢᠯ ᠤᠨ ᠪᠠᠶᠢᠷᠢ ᠳᠤ ᠬᠠᠷᠢᠶᠠᠯᠠᠭᠳᠠᠵᠤ᠂ ᠠᠵᠢᠯ ᠦᠢᠯᠡᠰ ᠤᠨ ᠪᠤᠰᠤ ᠣᠷᠣᠨ ᠲᠤᠭ᠎ᠠ ᠳᠤ ᠬᠠᠷᠢᠶᠠᠯᠠᠬᠳᠠᠨ᠎ᠠ︔ ᠤᠷᠢᠵᠤ ᠬᠡᠷᠡᠭᠯᠡᠬᠦ ᠴᠠᠯᠢᠩ ᠨᠢ ᠲᠤᠬᠠᠢ ᠶᠢᠨ ᠵᠢᠯ ᠤᠨ ᠬᠥᠬᠡᠬᠤᠲᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠪᠠᠶᠢᠯᠭᠠᠬᠤ ᠦᠭᠡᠢ᠃      ᠳᠣᠯᠤᠭ᠎ᠠ᠂ ᠪᠤᠰᠤᠳ ᠵᠦᠢᠯ      ︵ᠨᠢᠭᠡ︶ ᠤᠷᠢᠭᠳᠠᠬᠤ ᠬᠥᠮᠥᠰ ᠤᠨ ᠬᠢᠷᠢ ᠭᠡᠮ ᠤᠨ ᠬᠢᠨᠠᠨ ᠪᠠᠶᠢᠴᠠᠭᠠᠯᠲᠠ ᠳᠤ ᠢᠯᠡ ᠪᠠᠷ ᠤᠷᠢᠬᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠤᠷᠢᠨ ᠡᠯᠰᠡᠬᠦ ᠶᠠᠮᠠᠷᠪᠠ ᠱᠠᠲᠤ ᠦᠶ᠎ᠡ ᠵᠢᠴᠢ ᠲᠤᠷᠰᠢᠨ ᠬᠡᠷᠡᠭᠯᠡᠬᠦ ᠬᠤᠭᠤᠴᠠᠭᠠᠨ ᠳᠤ ᠤᠷᠢᠭᠳᠠᠬᠤ ᠬᠥᠮᠥᠰ ᠨᠢ ᠤᠷᠢᠭᠳᠠᠬᠤ ᠨᠥᠬᠦᠴᠡᠯ ᠯᠦᠭᠡ ᠨᠡᠶᠢᠴᠡᠬᠦ ᠦᠭᠡᠢ ᠪᠤᠶᠤ ᠬᠤᠳᠠᠯ ᠬᠡᠯᠡᠵᠦ ᠬᠠᠭᠤᠷᠮᠠᠭ ᠬᠢᠭᠰᠡᠨ ᠢ ᠣᠯᠵᠤ ᠮᠡᠳᠡᠪᠡᠯ᠂ ᠤᠷᠢᠨ ᠬᠡᠷᠡᠭᠯᠡᠬᠦ ᠬᠢᠷᠢ ᠭᠡᠮ ᠢ ᠨᠢ ᠴᠥᠮ ᠬᠦᠴᠦᠨ ᠦᠭᠡᠢ ᠪᠣᠯᠭᠠᠨ᠎ᠠ᠃      ︵ᠬᠤᠶᠠᠷ︶ ᠡᠯᠰᠡᠭᠰᠡᠨ ᠦᠷ᠎ᠡ ᠳ᠋ᠦᠩ ᠢ ᠤᠲᠠᠰᠤ ᠪᠠᠷ ᠮᠡᠳᠡᠭᠳᠡᠬᠦ ᠪᠤᠯᠬᠤᠷ᠂ ᠴᠢᠮᠡᠭᠡ ᠨᠡᠪᠲᠡᠷᠡᠯᠭᠡ ᠶᠢᠨ ᠠᠷᠭ᠎ᠠ ᠶᠢᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠭᠠᠷᠠᠢ᠃ ᠬᠡᠷᠪᠡ ᠤᠷᠢᠭᠳᠠᠭᠰᠠᠳ ᠨᠢ ᠲᠣᠭᠲᠠᠭᠰᠠᠨ ᠴᠠᠭ ᠤᠨ ᠳᠣᠲᠣᠷ᠎ᠠ ᠬᠤᠯᠪᠣᠭᠳᠠᠯ ᠪᠦᠬᠦᠢ ᠳᠡᠰ ᠳᠠᠷᠠᠭᠠᠯᠠᠯ ᠢᠶᠠᠨ ᠪᠡᠶᠡᠯᠡᠭᠦᠯᠦᠭᠰᠡᠨ ᠦᠭᠡᠢ ᠪᠣᠯ ᠡᠷᠬᠡ ᠪᠠᠨ ᠬᠠᠶᠠᠭᠰᠠᠨ ᠢᠶᠠᠷ ᠦᠵᠡᠨ᠎ᠡ᠃      ︵ᠭᠤᠷᠪᠠ︶ ᠲᠣᠰ ᠤᠳᠠᠭᠠᠨ ᠤ ᠡᠯᠰᠡᠬᠦ ᠡᠷᠬᠡ ᠶᠢ ᠡᠯᠰᠡᠬᠦ ᠭᠤᠣᠯ ᠴᠣᠭᠴᠠ ᠠᠴᠠ ᠲᠠᠶᠢᠯᠪᠤᠷᠢᠯᠠᠨ᠎ᠠ᠂ ᠠᠯᠪᠠᠨ ᠵᠠᠷ ᠲᠤ ᠳᠠᠭᠤᠰᠤᠭᠠᠳᠤᠢ ᠤᠴᠢᠷ ᠶᠠᠪᠤᠳᠠᠯ ᠵᠢᠴᠢ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠠᠰᠠᠭᠤᠨ ᠯᠠᠪᠯᠠᠭᠠᠷᠠᠢ᠃      ᠨᠠᠢᠮᠠ᠂ ᠬᠠᠷᠢᠯᠴᠠᠬᠤ ᠠᠷᠭ᠎ᠠ      ᠬᠠᠷᠢᠯᠴᠠᠬᠤ ᠤᠲᠠᠰᠤ᠄ 0471-3598305       ᠳᠠᠭᠠᠯᠳᠤᠭᠤᠯᠤᠯ᠄ 1.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ      2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠪᠠᠶᠢᠷᠢ ᠶᠢᠨ ᠨᠡᠷ᠎ᠡ ᠮᠡᠳᠡᠭᠦᠯᠬᠦ ᠬᠦᠰᠦᠨᠦᠭᠲᠦ                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                      ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ                            2024 ᠣᠨ ᠤ 6 ᠰᠠᠷ᠎ᠠ ᠶᠢᠨ 11 ᠤ ᠡᠳᠦᠷ
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号