ᠮᠠᠨ ᠤ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠠᠵᠢᠯ ᠰᠢᠪᠲᠤᠷᠠᠭᠠᠨ ᠳᠠᠭᠠᠨ ᠣᠷᠣᠵᠤ ᠠᠮᠤ ᠪᠤᠳᠠᠭᠠᠨ  ᠤ ᠲᠠᠷᠢᠮᠠᠯ ᠤᠨ ᠲᠠᠯᠠᠪᠠᠢ ᠳ᠋ᠥᠡᠭᠰᠢᠭᠤᠷ ᠮᠦ ᠶᠢ ᠳᠠᠪᠠᠪᠠ
ᠨᠡᠶᠢᠲᠡᠯᠡᠭᠰᠡᠨ ᠴᠠᠭ᠄
2024/6/11
      ᠵᠢᠯ ᠤᠨ ᠡᠬᠢᠨ ᠠᠴᠠ ᠨᠠᠭᠠᠰᠢ ᠮᠠᠨ ᠤ ᠣᠷᠣᠨ ᠲᠠᠷᠢᠮᠠᠯ ᠤᠨ ᠲᠠᠯᠠᠪᠠᠶ ᠶᠢ ᠲᠣᠭᠲᠠᠪᠤᠷᠢᠵᠢᠭᠤᠯᠬᠤ᠂ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠲᠥᠷᠥ ᠶᠢᠨ ᠪᠣᠳᠣᠯᠭ᠎ᠠ ᠶᠢ ᠴᠢᠩᠭᠠᠳᠬᠠᠬᠤ ᠲᠠᠯ᠎ᠠ ᠪᠠᠷ ᠬᠦᠴᠦᠯᠡᠵᠦ᠂ ᠪᠦᠭᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠰᠠᠶᠢᠨ ᠰᠠᠶᠢᠬᠠᠨ ᠪᠠᠶᠢᠳᠠᠯ ᠢ ᠪᠠᠲᠤᠯᠠᠪᠠ᠃ ᠤᠳᠤ ᠪᠦᠭᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠠᠵᠢᠯ ᠨᠢᠭᠡᠨᠲᠡ ᠰᠢᠪᠲᠤᠷᠠᠭᠠᠨ ᠳᠠᠭᠠᠨ ᠣᠷᠣᠵᠤ᠂ 5 ᠰᠠᠷ᠎ᠠ ᠶᠢᠨ ᠰᠡᠭᠦᠯᠴᠢ ᠶᠢᠨ ᠲᠠᠷᠢᠶᠠᠯᠠᠩ ᠤᠨ ᠪᠠᠶᠢᠳᠠᠯ ᠤᠨ ᠲᠣᠬᠢᠷᠠᠭᠤᠯᠤᠯᠲᠠ  ᠠᠴᠠ ᠦᠵᠡᠪᠡᠯ ᠪᠦᠭᠦ ᠣᠷᠣᠨ ᠢᠶᠠᠷ ᠢᠶᠠᠨ 10729.9 ᠲᠦᠮᠡᠨ ᠮᠦ ᠠᠮᠤ ᠪᠤᠳᠠᠭᠠᠨ ᠤ ᠲᠠᠷᠢᠮᠠᠯ ᠪᠠ 730.9 ᠲᠦᠮᠡᠨ ᠮᠦ ᠲᠣᠰᠣᠯᠢᠭ ᠲᠠᠷᠢᠮᠠᠯ ᠳᠠᠷᠢᠭᠰᠠᠨ ᠪᠠᠶᠢᠨ᠎ᠠ᠃      ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ᠂ ᠪᠦᠭᠦ ᠣᠷᠣᠨ ᠤ ᠬᠥᠷᠥᠰᠥᠨ ᠤ ᠴᠢᠭᠢᠭ ᠤᠨ ᠪᠠᠶᠢᠳᠠᠯ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠶᠡᠷᠦᠩᠬᠡᠢ ᠳᠡᠭᠡᠨ ᠰᠠᠶᠢᠨ ᠪᠠᠶᠢᠵᠤ᠂ ᠮᠠᠯᠴᠢᠨ ᠲᠠᠷᠢᠶᠠᠴᠢᠳ ᠤᠨ ᠠᠮᠤ ᠪᠤᠳᠠᠭᠠᠨ ᠤ ᠲᠠᠷᠢᠶ᠎ᠠ ᠳᠠᠷᠢᠬᠤ ᠢᠳᠡᠪᠬᠢᠵᠢᠯ ᠨᠡᠯᠢᠶᠡᠳ ᠥᠨᠳᠥᠷ ᠮᠥᠷᠲᠡᠭᠡᠨ ᠲᠠᠷᠢᠶᠠᠨ ᠦᠷ᠎ᠡ ᠪᠠ ᠬᠢᠮᠢ ᠶᠢᠨ ᠪᠣᠷᠳᠣᠭᠤᠷ ᠤᠨ ᠦᠨ᠎ᠡ ᠲᠣᠭᠲᠠᠭᠤᠨ ᠤ ᠳᠤᠮᠳᠠ ᠪᠠᠭᠤᠷᠠᠵᠤ᠂ ᠡᠯ᠎ᠡ ᠲᠥᠷᠥᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠡᠷᠲᠡ ᠠᠴᠠ ᠤᠬᠠᠭᠤᠯᠤᠨ ᠳᠠᠮᠵᠢᠭᠤᠯᠤᠭᠰᠠᠨ ᠠᠴᠠ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠦᠷᠭᠦᠯᠵᠢᠯᠡᠨ ᠨᠡᠮᠡᠭᠳᠡᠬᠦ ᠬᠠᠨᠳᠤᠰᠢ ᠶᠢ ᠪᠠᠲᠤᠯᠠᠵᠠᠢ᠃ ᠬᠠᠪᠤᠷ ᠤᠨ ᠲᠠᠷᠢᠶᠠᠯᠠᠭ᠎ᠠ ᠡᠬᠢᠯᠡᠭᠰᠡᠨ ᠤ ᠳᠠᠷᠠᠭ᠎ᠠ᠂ ᠪᠦᠭᠦ ᠣᠷᠣᠨ ᠤ ᠡᠯ᠎ᠡ ᠭᠠᠵᠠᠷ ᠤᠨ ᠬᠢᠨ ᠴᠠᠭ ᠠᠭᠤᠷ ᠤᠨ ᠪᠠᠶᠢᠳᠠᠯ ᠲᠠᠢ ᠤᠶᠠᠯᠳᠤᠭᠤᠯᠤᠨ ᠴᠢᠭᠢᠭ ᠢ ᠵᠠᠪᠳᠤᠨ ᠲᠠᠷᠢᠶ᠎ᠠ ᠲᠥᠮᠥᠰᠥ ᠳᠠᠷᠢᠬᠤ ᠠᠵᠢᠯ ᠢ ᠢᠳᠡᠪᠬᠢᠲᠡᠢ ᠵᠣᠬᠢᠴᠠᠭᠤᠯᠤᠨ ᠥᠷᠨᠢᠭᠦᠯᠪᠡ᠃ ᠣᠳᠣᠬᠠᠨ ᠳᠤ ᠪᠦᠭᠦ ᠣᠷᠣᠨ ᠤ ᠲᠠᠷᠢᠶ᠎ᠠ ᠲᠥᠮᠥᠰᠥ ᠶᠢᠨ ᠴᠢᠬᠢ ᠪᠠᠷᠢᠭᠰᠠᠨ ᠲᠠᠯᠠᠪᠠᠢ ᠨᠢᠭᠡᠨᠲᠡ 8067.9 ᠲᠦᠮᠡᠨ ᠮᠦ ᠳᠤ ᠬᠦᠷᠴᠦ᠂ ᠡᠭᠦᠨ ᠳᠤ ᠨᠢᠭᠡᠳᠦᠭᠡᠷ ᠪᠠ ᠬᠤᠶᠠᠳᠤᠭᠠᠷ ᠲᠥᠷᠥᠯ ᠤᠨ ᠲᠠᠷᠢᠮᠠᠯ ᠤᠨ ᠴᠢᠬᠢ ᠶᠢᠨ ᠬᠠᠷᠢᠴᠠᠯ 96.6% ᠶᠢ ᠳᠠᠪᠠᠵᠤ᠂ ᠲᠠᠷᠢᠶᠠᠨ ᠴᠢᠬᠢ ᠶᠢᠨ ᠤᠷᠭᠤᠴᠠ ᠶᠢᠨ ᠪᠠᠶᠢᠳᠠᠯ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠶᠡᠷᠦᠩᠬᠡᠢ ᠳᠡᠭᠡᠨ ᠰᠠᠶᠢᠨ ᠪᠠᠶᠢᠨ᠎ᠠ᠃      ᠣᠶᠢᠯᠠᠭᠠᠭᠰᠠᠨ ᠢᠶᠠᠷ᠂ ᠮᠠᠨ ᠤ ᠣᠷᠣᠨ ᠬᠦᠷᠢᠶᠡᠯᠡᠩ ᠲᠣᠭᠤᠷᠢᠭ ᠤᠨ ᠬᠥᠭᠵᠢᠭᠦᠯᠦᠯᠲᠡ ᠶᠢᠨ ᠰᠡᠳᠬᠢᠴᠡ ᠶᠣᠰᠣᠭᠠᠷ 64 ᠬᠤᠰᠢᠭᠤ ᠰᠢᠶᠠᠨ ᠢ ᠵᠣᠬᠢᠶᠠᠨ ᠪᠠᠶᠢᠭᠤᠯᠤᠨ ᠠᠮᠤ ᠪᠤᠳᠠᠭ᠎ᠠ ᠪᠠ ᠰᠢᠷ᠎ᠠ ᠪᠤᠷᠴᠠᠭ ᠵᠡᠷᠭᠡ ᠭᠤᠣᠯ ᠪᠤᠯᠬᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠥᠷᠨᠢᠭᠦᠯᠵᠦ᠂ 33 ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠠᠭᠤᠯᠭᠠᠨ ᠰᠠᠶᠢᠨ ᠲᠠᠷᠢᠶ᠎ᠠ᠂ ᠰᠠᠶᠢᠨ ᠦᠷ᠎ᠡ᠂ ᠰᠠᠶᠢᠨ ᠮᠡᠷᠭᠡᠵᠢᠯ᠂ ᠰᠠᠶᠢᠨ ᠮᠠᠰᠢᠨ᠂ ᠰᠠᠶᠢᠨ ᠳᠦᠷᠢᠮ ᠵᠡᠷᠭᠡ ︽ᠲᠠᠪᠤᠨ ᠰᠠᠶᠢᠨ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠪᠤᠢ᠃ ᠲᠠᠷᠠᠭᠠᠴᠢ ᠪᠠᠷ ᠮᠠᠨ ᠤ ᠣᠷᠣᠨ ᠲᠠᠷᠢᠶᠠᠨ ᠭᠠᠵᠠᠷ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠠᠳᠬᠤᠨ᠂ ᠡᠯ᠎ᠡ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠭᠦᠨᠵᠡᠭᠡᠶᠢᠷᠡᠭᠦᠯᠵᠦ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠲᠠᠷᠢᠶ᠎ᠠ ᠲᠥᠮᠥᠰᠥ ᠶᠢᠨ ᠤᠷᠭᠤᠴᠠ ᠶᠢᠨ ᠪᠠᠶᠢᠳᠠᠯ ᠢ ᠦᠨᠳᠦᠰᠦᠯᠡᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠯᠪᠡᠭ ᠬᠤᠷᠢᠶᠠᠯᠲᠠ ᠣᠯᠬᠤ ᠳᠤ ᠰᠠᠭᠤᠷᠢ ᠲᠠᠯᠪᠢᠬᠤ ᠪᠣᠯᠣᠨ᠎ᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号