ᠥᠪᠥᠷ ᠮᠣᠩᠭᠤᠯ ᠤᠨ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠤᠨ 2000 ᠰᠢᠯᠢᠳᠡᠭ ᠡᠭᠦᠯᠳᠡᠷ ᠤᠨ ︽ᠤᠷᠤᠯᠳᠤᠭᠠᠨ ᠤ ᠲᠠᠪᠴᠠᠩ︾ ᠳᠤ ᠮᠥᠷᠥᠶᠢᠴᠡᠨ᠎ᠡ
ᠨᠡᠶᠢᠲᠡᠯᠡᠭᠰᠡᠨ ᠴᠠᠭ᠄
2024/6/12
      ︽ᠨᠢᠭᠡ ᠮᠥᠬᠦᠯᠢᠭ ᠰᠠᠶᠢᠨ ᠡᠭᠦᠯᠳᠡᠷ᠂ ᠲᠦᠮᠡᠨ ᠳᠠᠮᠨᠠᠭᠤᠷ ᠰᠠᠶᠢᠨ ᠠᠮᠤ ᠪᠤᠳᠠᠭ᠎ᠠ︾᠃ ᠮᠠᠨ ᠤ ᠣᠷᠣᠨ ᠤ ᠲᠠᠷᠢᠮᠠᠯ ᠤᠨ ᠡᠭᠦᠯᠳᠡᠷ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢ ᠬᠥᠲᠥᠯᠥᠨ ᠵᠢᠯᠤᠭᠤᠳᠴᠤ᠂ ᠰᠢᠯᠢᠳᠡᠭ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ ᠳᠤ ᠬᠦᠴᠦ ᠨᠡᠮᠡᠷᠢᠯᠡᠵᠦ᠂ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠦᠷ᠎ᠡ ᠰᠣᠩᠭᠤᠨ ᠦᠷ᠎ᠡ ᠬᠡᠷᠡᠭᠯᠡᠬᠦ ᠶᠢ ᠵᠢᠯᠣᠭᠤᠳᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠥᠨᠳᠥᠷ ᠪᠠᠷᠢᠮᠵᠢᠶ᠎ᠠ ᠪᠠᠷ ᠪᠠᠶᠢᠷᠢᠰᠢᠭᠤᠯᠵᠤ᠂ ᠥᠨᠳᠥᠷ ᠵᠣᠭᠰᠣᠴᠠ ᠪᠠᠷ ᠠᠷᠭ᠎ᠠ ᠰᠦᠪᠡᠭᠴᠢᠯᠡᠵᠦ᠂ ︽ᠲᠠᠷᠢᠶ᠎ᠠ ᠦᠵᠡᠵᠦ ᠦᠷ᠎ᠡ ᠰᠣᠩᠭᠤᠬᠤ︾ ᠠᠵᠢᠯ ᠢ ᠴᠢᠨᠠᠷ ᠰᠠᠶᠢᠲᠠᠢ ᠲᠦᠯᠬᠢᠨ ᠠᠬᠢᠭᠤᠯᠵᠤ ᠪᠠᠶᠢᠨ᠎ᠠ᠃ 
1.png
       ᠡᠨᠡ ᠵᠢᠯ ᠠᠴᠠ ᠨᠠᠭᠠᠰᠢ᠂ ᠤᠤᠯ ᠤᠨ 60 ᠲᠠᠪᠴᠠᠩ ᠤᠨ ᠰᠠᠭᠤᠷᠢᠨ ᠳᠡᠭᠡᠷ᠎ᠡ᠂ 7 ᠥᠪᠡᠷᠲᠡᠭᠡᠨ ᠵᠠᠰᠠᠬᠤ ᠣᠷᠣᠨ ᠤ ᠲᠠᠰ ᠤᠨ ᠶᠡᠷᠦᠩᠬᠡᠶᠢᠯᠡᠭᠰᠡᠨ ᠴᠢᠨᠠᠷᠲᠠᠢ ᠣᠷᠣᠨ ᠪᠦᠰᠡ ᠶᠢᠨ ᠲᠠᠪᠴᠠᠩ ᠢ ᠭᠤᠣᠯᠳᠠᠯᠭ᠎ᠠ ᠲᠠᠢ ᠪᠠᠶᠢᠭᠤᠯᠵᠤ᠂ ᠤᠤᠯ ᠤᠨ ᠲᠠᠩ ᠭᠠᠭᠴᠠ ᠲᠠᠷᠢᠮᠠᠯ ᠢ ᠳᠡᠯᠭᠡᠨ ᠦᠵᠡᠭᠦᠯᠵᠦ ᠵᠢᠱᠢᠶ᠎ᠡ ᠦᠵᠡᠭᠦᠯᠵᠦ ᠪᠠᠶᠢᠭᠰᠠᠨ ᠢ ᠲᠤᠬᠠᠢ ᠶᠢᠨ ᠭᠠᠵᠠᠷ ᠤᠨ ᠣᠨᠴᠠᠯᠢᠭ ᠲᠠᠢ ᠳᠠᠪᠠᠭᠤᠯᠢᠭ ᠲᠠᠷᠢᠮᠠᠯ ᠢᠶᠠᠷ ᠭᠤᠣᠯ ᠪᠣᠯᠭᠠᠵᠤ᠂ ᠣᠯᠠᠨ ᠲᠥᠷᠥᠯ ᠤᠨ ᠲᠠᠷᠢᠮᠠᠯ ᠢ ᠶᠡᠷᠦᠩᠬᠡᠶᠢᠯᠡᠨ ᠳᠡᠯᠭᠡᠨ ᠦᠵᠡᠭᠦᠯᠵᠦ ᠵᠢᠱᠢᠶ᠎ᠡ ᠦᠵᠡᠭᠦᠯᠬᠦ ᠪᠣᠯᠭᠠᠨ ᠲᠠᠰ ᠳᠡᠪᠰᠢᠭᠦᠯᠵᠡᠢ᠃ ᠪᠥᠬᠦ ᠣᠷᠣᠨ ᠳᠤ ᠨᠡᠶᠢᠲᠡ 7000 ᠮᠦ ᠠᠴᠠ ᠳᠠᠪᠠᠭᠰᠠᠨ ᠦᠵᠡᠭᠦᠯᠦᠯᠭᠡ ᠶᠢᠨ ᠲᠠᠯᠠᠪᠠᠶ ᠶᠢ ᠨᠠᠶᠢᠳᠠᠪᠤᠷᠢᠵᠢᠭᠤᠯᠵᠤ᠂ 2000 ᠭᠠᠷᠤᠢ ᠰᠢᠯᠢᠳᠡᠭ ᠡᠭᠦᠯᠳᠡᠷ ᠢ ᠳᠡᠯᠭᠡᠨ ᠦᠵᠡᠭᠦᠯᠵᠦ᠂ ᠮᠠᠨ ᠤ ᠣᠷᠣᠨ ᠤ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠨᠡᠷᠡᠨ ᠬᠤᠸᠠᠷ ᠵᠡᠷᠭᠡ 9 ᠵᠦᠢᠯ ᠤᠨ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠪᠠ ᠣᠨᠴᠠᠯᠢᠭᠲᠤ ᠳᠠᠪᠠᠭᠤᠯᠢᠭ ᠲᠠᠷᠢᠮᠠᠯ ᠢ ᠬᠠᠮᠤᠷᠤᠭᠰᠠᠨ ᠪᠠᠶᠢᠨ᠎ᠠ᠃ ᠡᠯ᠎ᠡ ᠲᠠᠪᠴᠠᠩ ᠤᠨ ᠬᠢᠨ ᠰᠢᠯᠢᠳᠡᠭ ᠡᠭᠦᠯᠳᠡᠷ ᠢ ᠰᠢᠯᠢᠨ ᠰᠣᠩᠭᠤᠵᠤ᠂ ᠦᠢᠯᠡᠴᠢᠯᠡᠭᠡᠨ ᠤ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ ᠪᠠᠷ ᠪᠦᠷᠬᠦᠪᠴᠢ ᠶᠢᠨ ᠳᠣᠣᠷ᠎ᠠ ᠳᠤᠰᠤᠯᠭᠠᠨ ᠤᠰᠤᠯᠠᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠪᠦᠷᠬᠦᠪᠴᠢ ᠦᠭᠡᠢ ᠪᠠᠷ ᠭᠦᠢᠬᠡᠨ ᠪᠤᠯᠠᠵᠤ ᠳᠤᠰᠤᠯᠭᠠᠨ ᠤᠰᠤᠯᠠᠬᠤ᠂ ᠳᠣᠬᠢᠭᠤᠷ ᠲᠤᠯᠤᠭᠠᠨ ᠤᠳᠤ ᠵᠠᠮᠴᠢᠯᠠᠭᠤᠷ ᠢᠶᠠᠷ ᠨᠠᠷᠢᠯᠢᠭ ᠬᠡᠮᠵᠢᠨ ᠲᠠᠷᠢᠬᠤ ᠵᠡᠷᠭᠡ ᠮᠡᠷᠭᠡᠵᠢᠯ ᠤᠨ ᠵᠠᠭᠪᠤᠷ ᠢ ᠢᠵᠢ ᠪᠦᠷᠢᠳᠦᠭᠦᠯᠦᠨ ᠬᠡᠷᠡᠭᠵᠢᠭᠦᠯᠵᠦ᠂ ᠦᠵᠡᠭᠦᠯᠦᠯᠭᠡ ᠶᠢᠨ ᠲᠦᠷᠦᠯ ᠵᠦᠢᠯ ᠤᠨ ᠰᠢᠯᠢᠳᠡᠭ ᠰᠠᠶᠢᠨ ᠣᠨᠴᠠᠯᠢᠭ ᠰᠢᠨᠵᠢ ᠶᠢ ᠢᠯᠡᠷᠡᠭᠦᠯᠵᠦ᠂ ᠭᠠᠷᠤᠯᠲᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠠᠯᠳᠠ ᠬᠦᠴᠦᠨ ᠢ ᠪᠠᠳᠠᠷᠠᠭᠤᠯᠬᠤ ᠶᠢ ᠪᠠᠲᠤᠯᠠᠵᠤ᠂ ᠰᠠᠶᠢᠨ ᠡᠭᠦᠯᠳᠡᠷ ᠰᠠᠶᠢᠨ ᠠᠷᠭ᠎ᠠ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠲᠠᠷᠢᠶᠠᠯᠠᠩ ᠤᠨ ᠰᠢᠯᠢᠳᠡᠭ ᠰᠠᠶᠢᠨ ᠦᠷ᠎ᠡ ᠠᠰᠢᠭ ᠢ ᠳᠡᠭᠡᠭᠰᠢᠯᠡᠭᠦᠯᠬᠦ ᠳᠤ ︽ᠰᠠᠶᠢᠨ ᠠᠷᠭ᠎ᠠ︾ ᠭᠠᠷᠭᠠᠵᠤ᠂ ᠥᠪᠥᠷ ᠮᠣᠩᠭᠤᠯ ᠤᠨ ᠰᠢᠯᠢᠳᠡᠭ ᠡᠭᠦᠯᠳᠡᠷ ᠢ ᠬᠦᠴᠦᠷᠬᠡᠭᠵᠢᠭᠦᠯᠬᠦ᠂ ᠭᠠᠳᠠᠭᠰᠢ ᠭᠠᠷᠭᠠᠬᠤ ᠳᠤ ᠬᠦᠴᠦᠨ ᠨᠡᠮᠡᠷᠢᠯᠡᠨ᠎ᠡ᠃ 
2.png
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠳᠤ ᠲᠦᠰᠢᠭᠯᠡᠨ ᠡᠭᠦᠯᠳᠡᠷ ᠰᠣᠩᠭᠤᠵᠤ ᠵᠢᠱᠢᠶ᠎ᠡ ᠦᠵᠡᠭᠦᠯᠦᠨ᠎ᠡ᠃ ᠨᠢᠭᠡ ᠳᠤ ᠬᠤᠵᠢᠷ ᠲᠤ ᠲᠡᠰᠪᠦᠷᠢᠲᠡᠢ ᠡᠭᠦᠯᠳᠡᠷ ᠢ ᠰᠣᠩᠭᠤᠨ ᠪᠣᠶᠢᠵᠢᠭᠤᠯᠬᠤ ᠶᠢ ᠲᠦᠷᠭᠡᠳᠬᠡᠵᠦ᠂ ︽ᠳᠠᠪᠤᠰᠤᠨ ᠳᠤ ᠲᠣᠬᠢᠷᠠᠬᠤ ᠳᠤ ᠨᠢ ᠳᠠᠪᠤᠰᠤ ᠬᠡᠷᠡᠭᠯᠡᠬᠦ︾ ᠲᠠᠷᠢᠶᠠᠯᠠᠩ ᠤᠨ ᠬᠥᠭᠵᠢᠯᠲᠡ ᠶᠢᠨ ᠵᠠᠭᠪᠤᠷ ᠢ ᠪᠣᠶ ᠪᠣᠯᠭᠠᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ᠂ ᠲᠦᠮᠡᠳ ᠤᠨ ᠤᠰᠤᠯᠠᠯᠲᠠ ᠶᠢᠨ ᠣᠷᠣᠨ ᠪᠠ ᠪᠠᠷᠠᠭᠤᠨ ᠯᠢᠶᠣᠤᠾᠧ ᠭᠤᠣᠯ ᠤᠨ ᠤᠰᠤᠯᠠᠯᠲᠠ ᠶᠢᠨ ᠣᠷᠣᠨ ᠤ ᠭᠤᠷᠪᠠᠨ ᠶᠡᠭᠡ ᠤᠰᠤᠯᠠᠯᠲᠠ ᠶᠢᠨ ᠣᠷᠣᠨ ᠳᠤ ᠪᠠᠶᠢᠭ᠎ᠠ ᠪᠠᠶᠠᠨᠨᠠᠭᠤᠷ ᠬᠤᠲᠠ᠂ ᠬᠥᠬᠡᠬᠤᠲᠠ᠂ ᠪᠤᠭᠤᠲᠤ ᠬᠤᠲᠠ ᠪᠠ ᠲᠦᠩᠯᠢᠶᠣᠣ ᠬᠤᠲᠠ ᠳᠤ ᠬᠤᠵᠢᠷ ᠲᠤ ᠲᠡᠰᠪᠦᠷᠢᠲᠡᠢ ᠲᠠᠷᠢᠮᠠᠯ ᠤᠨ ᠲᠣᠬᠢᠷᠠᠮᠵᠢᠲᠠᠢ ᠡᠭᠦᠯᠳᠡᠷ ᠢ ᠰᠢᠯᠢᠨ ᠰᠣᠩᠭᠤᠵᠤ ᠵᠢᠱᠢᠶ᠎ᠡ ᠦᠵᠡᠭᠦᠯᠬᠦ ᠶᠢ ᠥᠷᠨᠢᠭᠦᠯᠦᠨ᠎ᠡ᠃ ᠬᠤᠶᠠᠷ ᠲᠤ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠰᠢᠨ᠎ᠡ ᠡᠭᠦᠯᠳᠡᠷ ᠤᠨ ᠳᠡᠯᠭᠡᠷᠡᠭᠦᠯᠦᠯᠲᠡ ᠶᠢ ᠲᠦᠷᠭᠡᠳᠬᠡᠬᠦ ᠳᠤ ᠬᠦᠴᠦ ᠨᠡᠮᠡᠷᠢᠯᠡᠵᠦ᠂ ᠦᠷ᠎ᠡ ᠶᠢᠨ ᠦᠢᠯᠡᠰ ᠤᠨ ᠡᠷᠬᠡ ᠴᠢᠯᠦᠭᠡ ᠪᠠᠨ ᠣᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ ᠲᠥᠯᠥᠭᠡ᠂ ᠬᠥᠯᠥᠨ ᠪᠤᠶᠢᠷ᠂ ᠬᠢᠩᠭᠠᠨ ᠠᠶᠢᠮᠠᠭ᠂ ᠲᠦᠩᠯᠢᠶᠣᠣ᠂ ᠤᠯᠠᠭᠠᠨᠬᠠᠳᠠ ᠳᠤ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠰᠢᠨ᠎ᠡ ᠡᠭᠦᠯᠳᠡᠷ ᠢ ᠳᠡᠯᠭᠡᠨ ᠦᠵᠡᠭᠦᠯᠵᠦ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ ᠭᠤᠷᠪᠠ ᠳᠤ᠂ ᠭᠤᠣᠯ ᠪᠣᠯᠬᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠵᠤ᠂ ᠲᠦᠷᠦᠯ ᠵᠦᠢᠯ ᠤᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠦᠢᠯᠡᠳᠪᠦᠷᠢᠯᠡᠯ ᠤᠨ ᠴᠢᠳᠠᠪᠤᠷᠢ ᠶᠢᠨ ᠳᠡᠭᠡᠭᠰᠢᠯᠡᠯᠲᠡ ᠶᠢ ᠪᠡᠶᠡᠯᠡᠭᠦᠯᠬᠦ ᠶᠢᠨ ᠲᠥᠯᠥᠭᠡ᠂ ᠡᠷᠳᠡᠨᠢ ᠰᠢᠰᠢ ᠶᠢᠨ ᠳᠤᠮᠳᠠ ᠣᠷᠣᠢ ᠪᠣᠯᠪᠠᠰᠤᠷᠠᠬᠤ ᠣᠷᠣᠨ ᠪᠠ ᠰᠢᠷ᠎ᠠ ᠪᠤᠷᠴᠠᠭ ᠤᠨ ᠡᠷᠲᠡ᠂ ᠳᠤᠮᠳᠠ ᠪᠣᠯᠪᠠᠰᠤᠷᠠᠬᠤ ᠣᠷᠣᠨ ᠳᠤ ᠥᠨᠳᠥᠷ ᠤᠨᠠᠯᠲᠠ ᠲᠠᠢ ᠲᠦᠷᠦᠯ ᠵᠦᠢᠯ ᠤᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠦᠨ᠎ᠡ᠃ ᠡᠯ᠎ᠡ ᠣᠷᠣᠨ ᠪᠦᠰᠡ ᠪᠠ ᠵᠠᠬ᠎ᠠ ᠳᠡᠯᠭᠡᠭᠦᠷ ᠤᠨ ᠬᠥᠭᠵᠢᠯᠲᠡ ᠶᠢᠨ ᠠᠳᠠᠯᠢ ᠪᠤᠰᠤ ᠦᠷ᠎ᠡ ᠬᠡᠷᠡᠭᠯᠡᠬᠦ ᠬᠡᠷᠡᠭᠴᠡᠭᠡ ᠶᠢ ᠬᠠᠩᠭᠠᠵᠤ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠠᠮᠤ ᠪᠤᠳᠠᠭᠠᠨ ᠤ ᠠᠮᠤᠷ ᠲᠦᠪᠰᠢᠨ ᠤ ᠬᠠᠩᠭᠠᠯᠭ᠎ᠠ ᠶᠢ ᠪᠠᠲᠤᠯᠠᠬᠤ ᠳᠤ ᠦᠷ᠎ᠡ ᠶᠢᠨ ᠦᠢᠯᠡᠰ ᠤᠨ ᠬᠦᠴᠦᠲᠡᠢ ᠲᠤᠯᠭᠠᠭᠤᠷᠢᠯᠠᠯ ᠢ ᠬᠠᠩᠭᠠᠨ᠎ᠠ᠃ 
3.png
       ᠣᠲᠣ ᠪᠣᠯᠲᠠᠯ᠎ᠠ᠂ ᠪᠥᠬᠦ ᠣᠷᠣᠨ ᠤ 60 ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠨᠢ ᠡᠯ᠎ᠡ ᠱᠠᠲᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠬᠥᠮᠥᠰ᠂ ᠦᠷ᠎ᠡ ᠶᠢᠨ ᠠᠵᠤ ᠠᠬᠤᠶᠢᠯᠠᠯ ᠵᠡᠷᠭᠡ ᠶᠢᠨ ᠬᠠᠮᠲᠤᠷᠠᠯᠴᠠᠭ᠎ᠠ ᠶᠢᠨ ᠳᠣᠣᠷ᠎ᠠ᠂ ᠳᠠᠷᠢᠬᠤ ᠡᠭᠦᠷᠭᠡ ᠪᠠᠨ ᠤᠷᠤᠭᠰᠢᠲᠠᠢ ᠪᠡᠶᠡᠯᠡᠭᠦᠯᠵᠦ᠂ ᠬᠡᠰᠡᠭ ᠲᠠᠷᠢᠮᠠᠯ ᠤᠨ ᠲᠠᠷᠢᠶᠠᠨ ᠳᠤ ᠨᠢᠭᠡᠨᠲᠡ ᠴᠢᠬᠢ ᠤᠷᠭᠤᠵᠤ᠂ ᠤᠷᠭᠤᠴᠠ ᠶᠢᠨ ᠪᠠᠶᠢᠳᠠᠯ ᠰᠠᠶᠢᠨ ᠪᠠᠶᠢᠨ᠎ᠠ᠃ ᠲᠠᠷᠠᠭᠠᠴᠢ ᠶᠢᠨ ᠱᠠᠲᠤᠨ ᠤ ᠡᠯ᠎ᠡ ᠲᠠᠪᠴᠠᠩ ᠨᠢ ᠲᠥᠷᠥᠯ ᠵᠦᠢᠯ ᠢ ᠮᠥᠷᠳᠡᠨ ᠦᠨᠡᠯᠡᠬᠦ ᠳᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠥᠷᠥᠯ ᠵᠦᠢᠯ ᠢ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ︽ᠲᠥᠷᠥᠯ ᠵᠦᠢᠯ ᠢ ᠪᠥᠬᠦ ᠤᠯᠤᠰ ᠤᠨ ᠬᠢ ᠲᠠᠢ ᠠᠳᠠᠯᠢᠳᠬᠠᠬᠤ︾ ᠠᠵᠢᠯ ᠤᠨ ᠣᠨᠣᠯᠵᠢᠬᠤᠨ ᠢ ᠪᠣᠶ ᠪᠣᠯᠭᠠᠵᠤ᠂ ︽ᠰᠢᠵᠢᠷ ᠠᠯᠳᠠ ᠶᠢ ᠰᠢᠷᠭᠠᠭᠠᠬᠰᠠᠨ ᠲᠡᠭᠡᠷ᠎ᠡ ᠨᠢ ᠰᠢᠷᠭᠠᠭᠠᠬᠤ︾ ᠠᠵᠢᠯ ᠤᠨ ᠲᠣᠭᠲᠠᠴᠠ ᠶᠢ ᠡᠭᠦᠳᠦᠨ ᠪᠠᠶᠢᠭᠤᠯᠵᠤ᠂ ᠲᠠᠷᠢᠮᠠᠯ ᠳᠤ ᠪᠠᠨ ᠲᠤᠬᠢᠷᠠᠭᠤᠯᠤᠨ ᠭᠠᠵᠠᠷ ᠢᠶᠠᠨ ᠲᠤᠬᠳᠠᠭᠠᠬᠤ︾ ᠪᠠ ︽ᠭᠠᠵᠠᠷ ᠲᠤ ᠪᠠᠨ ᠲᠤᠬᠢᠷᠠᠭᠤᠯᠤᠨ ᠲᠠᠷᠢᠮᠠᠯ ᠢᠶᠠᠨ ᠲᠤᠬᠳᠠᠭᠠᠬᠤ︾  ᠶᠢ ᠬᠠᠷᠢᠯᠴᠠᠨ ᠤᠶᠠᠯᠳᠤᠭᠤᠯᠬᠤ ᠵᠠᠭᠪᠤᠷ ᠢ ᠪᠣᠶ ᠪᠣᠯᠭᠠᠨ᠎ᠠ᠃ ᠰᠢᠨ᠎ᠡ ᠡᠭᠦᠯᠳᠡᠷ ᠢ ᠡᠬᠡ ᠭᠠᠵᠠᠷ ᠲᠤ ᠦᠨᠡᠨ ᠬᠦ ᠳᠡᠯᠭᠡᠨ ᠦᠵᠡᠭᠦᠯᠵᠦ᠂ ᠰᠠᠶᠢᠨ ᠡᠭᠦᠯᠳᠡᠷ ᠢ ᠮᠢᠩᠭᠠᠨ ᠲᠦᠮᠡᠨ ᠲᠠᠷᠢᠶᠠᠴᠢᠨ ᠳᠤ ᠬᠦᠷᠭᠡᠵᠦ᠂ ︽ᠡᠭᠦᠯᠳᠡᠷ ᠰᠣᠩᠭᠤᠬᠤ᠂ ᠳᠡᠯᠭᠡᠷᠡᠭᠦᠯᠬᠦ ᠳᠤ ᠲᠤᠰᠠᠯᠠᠬᠤ︾ ᠪᠠᠷ ᠳᠠᠮᠵᠢᠭᠤᠯᠤᠨ᠂ ︽ᠨᠢᠭᠡᠴᠢ ᠶᠢᠨ ᠤᠨᠠᠯᠳᠠ ᠶᠢ ᠳᠡᠭᠡᠭᠰᠢᠯᠡᠭᠦᠯᠦᠨ᠂ ᠣᠷᠣᠯᠭ᠎ᠠ ᠪᠠᠨ ᠨᠡᠮᠡᠭᠳᠡᠭᠦᠯᠬᠦ︾ ᠶᠢ ᠪᠡᠶᠡᠯᠡᠭᠦᠯᠵᠦ᠂ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠢ ︽ᠲᠠᠷᠢᠶᠠᠴᠢᠨ ᠨᠠᠶᠢᠵᠠ ᠨᠠᠷ ᠤᠨ ᠰᠠᠶᠢᠨ ᠡᠭᠦᠯᠳᠡᠷ ᠢ ᠰᠣᠩᠭᠤᠨ ᠬᠡᠷᠡᠭᠯᠡᠬᠦ ᠦᠵᠡᠭᠴᠢᠳ ᠤᠨ ᠲᠠᠶᠢᠰᠠ᠂ ᠦᠷ᠎ᠡ ᠶᠢᠨ ᠠᠵᠤ ᠠᠬᠤᠶᠢᠯᠠᠯ ᠤᠨ ᠡᠭᠦᠯᠳᠡᠷ ᠢ ᠮᠥᠷᠥᠶᠢᠴᠡᠬᠦ ᠤᠷᠤᠯᠳᠤᠭᠠᠨ ᠤ ᠲᠠᠪᠴᠠᠩ᠂ ᠲᠠᠷᠢᠶᠠᠯᠠᠩ ᠤᠨ ᠮᠡᠷᠭᠡᠵᠢᠯᠲᠡᠨ ᠤ ᠰᠢᠨ᠎ᠡ ᠡᠭᠦᠯᠳᠡᠷ ᠢ ᠲᠠᠨᠢᠯᠴᠠᠭᠤᠯᠬᠤ ᠦᠵᠡᠭᠦᠯᠭᠡ ᠶᠢᠨ ᠲᠠᠶᠢᠰᠠ︾ ᠪᠣᠯᠭᠠᠬᠤ ᠬᠡᠷᠡᠭᠲᠡᠢ ᠃
4.png
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号