ᠮᠠᠨ ᠤ ᠣᠷᠣᠨ ᠲᠣᠨ ᠤ ᠤᠨᠠᠯᠲᠠ ᠲᠠᠢ ᠲᠠᠷᠢᠶ᠎ᠠ ᠶᠢ 800 ᠲᠦᠮᠡᠨ ᠮᠦ ᠳᠤ ᠬᠦᠷᠭᠡᠬᠦ ᠪᠠᠷ ᠪᠤᠢ
ᠨᠡᠶᠢᠲᠡᠯᠡᠭᠰᠡᠨ ᠴᠠᠭ᠄
2024/6/12
      ᠮᠠᠨ ᠤ ᠣᠷᠣᠨ ᠡᠨᠡ ᠵᠢᠯ ︽ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠮᠡᠷᠭᠡᠵᠢᠯ ᠬᠤᠷᠠᠮᠳᠤᠭᠤᠯᠬᠤ᠂ ᠪᠣᠬᠢᠷᠳᠤᠯ ᠦᠭᠡᠢ ᠪᠠᠷ ᠦᠷ᠎ᠡ ᠠᠰᠢᠭ ᠢ ᠨᠡᠮᠡᠭᠳᠡᠭᠦᠯᠬᠦ᠂ ᠭᠠᠮᠰᠢᠭ ᠢ ᠰᠡᠷᠭᠡᠶᠢᠯᠡᠨ ᠭᠠᠮᠰᠢᠭ ᠤᠨ ᠬᠤᠬᠢᠷᠠᠯ ᠢ ᠪᠠᠭᠠᠰᠬᠠᠬᠤ᠂ ᠣᠨᠴᠠᠯᠢᠭᠲᠤ ᠲᠠᠷᠢᠮᠠᠯ ᠳᠠᠷᠢᠬᠤ᠂ ᠥᠨᠳᠥᠷ ᠤᠨᠠᠯᠲᠠ ᠶᠢ ᠡᠭᠦᠳᠬᠦ︾ 6 ᠵᠦᠢᠯ ᠤᠨ ᠢᠨᠵᠧᠨᠧᠷᠢᠩ ᠢ ᠬᠡᠷᠡᠭᠵᠢᠭᠦᠯᠬᠦ ᠲᠣᠭᠤᠷᠢᠨ ᠳᠤ ᠪᠦᠭᠦ ᠣᠷᠣᠨ ᠳᠤ 600 ᠲᠦᠮᠡᠨ ᠮᠦ ᠶᠢᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠵᠢᠱᠢᠶ᠎ᠡ ᠦᠵᠡᠭᠦᠯᠭᠦ ᠣᠷᠣᠨ ᠢ ᠬᠦᠴᠦᠯᠡᠨ ᠪᠠᠶᠢᠭᠤᠯᠵᠤ᠂ ᠨᠢᠭᠡᠨᠲᠡ ᠬᠤᠷᠠᠮᠳᠤᠭᠤᠯᠤᠭᠰᠠᠨ 27 ᠵᠦᠢᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠮᠡᠷᠭᠡᠵᠢᠯ ᠤᠨ ᠵᠠᠭᠪᠤᠷ ᠢ ᠪᠣᠳᠠᠲᠠᠢ ᠤᠨᠠᠯᠲᠠ ᠪᠣᠯᠭᠠᠨ ᠬᠤᠪᠢᠷᠠᠭᠤᠯᠵᠤ᠂ ᠳᠤᠨ ᠤ ᠤᠨᠠᠯᠲᠠ ᠲᠠᠢ ᠲᠠᠷᠢᠶ᠎ᠠ ᠶᠢ 800 ᠲᠦᠮᠡᠨ ᠮᠦ ᠳᠤ ᠬᠦᠷᠭᠡᠬᠦ ᠪᠠᠷ ᠴᠢᠷᠮᠠᠶᠢᠵᠤ ᠪᠠᠶᠢᠨ᠎ᠠ᠃      ᠭᠦᠭᠡᠬᠤᠲᠠ ᠶᠢᠨ ᠲᠦᠮᠡᠳ ᠵᠡᠭᠦᠨ ᠬᠤᠰᠢᠭᠤᠨ ᠤ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠲᠣᠭᠤᠷᠢᠭ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠦᠷᠭᠦᠯᠵᠢᠯᠡᠵᠦ᠂ ᠵᠢᠵᠢᠭ ᠭᠡᠯᠪᠡᠷᠢ ᠶᠢᠨ ᠴᠠᠭ ᠠᠭᠤᠷ ᠤᠨ ᠦᠷᠳᠡᠭᠡ᠂ ᠬᠥᠷᠥᠰᠥᠨ ᠤ ᠴᠢᠭᠢᠭ ᠤᠨ ᠪᠠᠶᠢᠳᠠᠯ ᠤᠨ ᠬᠡᠮᠵᠢᠭᠦᠷᠯᠢᠭ᠂ ᠬᠤᠷᠣᠬᠠᠢ ᠰᠢᠪᠠᠵᠢ ᠶᠢᠨ ᠪᠠᠶᠢᠳᠠᠯ  ᠢ ᠬᠡᠮᠵᠢᠨ ᠮᠡᠳᠡᠭᠦᠯᠬᠦ ᠳ᠋ᠧᠩ ᠵᠡᠷᠭᠡ ᠤᠯᠠᠨ ᠶᠠᠩᠵᠤ ᠶᠢᠨ ᠲᠥᠬᠦᠭᠡᠷᠦᠮᠵᠢ ᠨᠦᠭᠦᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠡᠮᠵᠢᠯᠲᠡ ᠶᠢᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠣᠶᠤᠨᠲᠤ ᠲᠠᠪᠴᠠᠩ  ᠳᠤ ᠬᠥᠳᠡᠯᠦᠩᠭᠦᠢ ᠪᠠᠷ ᠳᠠᠮᠵᠢᠭᠤᠯᠤᠨ᠎ᠠ᠃ ᠲᠣᠰ ᠵᠢᠱᠢᠶ᠎ᠡ ᠦᠵᠡᠭᠦᠯᠭᠦ ᠲᠣᠭᠤᠷᠢᠭ 2021 ᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠪᠥᠭᠡᠳ ᠪᠦᠭᠦ ᠣᠷᠣᠨ ᠤ ᠠᠩᠬᠠᠳᠠᠭᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠣᠶᠤᠨᠲᠤ ᠡᠵᠡᠮᠳᠡᠯ᠂ ᠣᠶᠤᠨᠲᠤ ᠬᠠᠮᠢᠶᠠᠷᠤᠯᠲᠠ᠂ ᠡᠨᠧᠷᠭᠢ ᠠᠷᠪᠢᠯᠠᠵᠤ ᠦᠷ᠎ᠡ ᠠᠰᠢᠭ ᠢ ᠳᠡᠭᠡᠭᠰᠢᠯᠡᠭᠦᠯᠭᠦ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠪᠤᠯᠬᠤ ᠲᠦᠮᠡᠳ ᠵᠡᠭᠦᠨ ᠬᠤᠰᠢᠭᠤᠨ ᠤ ᠲᠠᠷᠢᠶᠠᠨ ᠭᠠᠵᠠᠷ ᠤᠨ ᠣᠶᠤᠨᠲᠤ ᠲᠠᠪᠴᠠᠩ ᠢ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠠᠪᠤᠷ ᠤᠨ ᠲᠠᠷᠢᠶᠠᠯᠠᠭ᠎ᠠ᠂ ᠲᠠᠷᠢᠶ᠎ᠠ ᠲᠥᠮᠥᠰᠥ ᠶᠢᠨ ᠠᠷᠠᠴᠢᠯᠠᠯᠲᠠ ᠪᠠ ᠬᠢᠨᠠᠯᠲᠠ ᠬᠠᠮᠢᠶᠠᠷᠤᠯᠲᠠ ᠳᠤ ᠲᠣᠭᠠᠴᠢᠯᠠᠭᠰᠠᠨ ᠲᠤᠯᠭᠠᠭᠤᠷᠢᠯᠠᠯ ᠬᠠᠩᠭᠠᠪᠠ᠃      ᠮᠠᠨ ᠤ ᠣᠷᠣᠨ ᠲᠦᠮᠡᠳ ᠵᠡᠭᠦᠨ ᠬᠤᠰᠢᠭᠤᠨ ᠤ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠲᠣᠭᠤᠷᠢᠭ ᠮᠡᠲᠦ ᠶᠢᠨ ᠭᠠᠵᠠᠷ ᠤᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠶᠢ ᠥᠷᠭᠡᠳᠬᠡᠬᠦ ᠶᠢᠨ ᠳᠠᠭᠠᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢᠶᠠᠷ ᠮᠦ ᠨᠢᠭᠡᠴᠢ ᠶᠢᠨ ᠤᠨᠠᠯᠲᠠ  ᠶᠢ ᠳᠡᠭᠡᠭᠰᠢᠯᠡᠭᠦᠯᠭᠦ ᠶᠢ ᠠᠬᠢᠭᠤᠯᠵᠤ ᠪᠤᠢ᠃ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠠᠴᠠ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠨᠥᠬᠦᠪᠦᠷᠢ ᠶᠢᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠬᠤ᠂ ᠲᠠᠷᠢᠶᠠᠨ ᠭᠠᠵᠠᠷ ᠢ ᠨᠡᠮᠡᠭᠳᠡᠭᠦᠯᠬᠦ ᠳᠠᠯᠳᠠ ᠬᠦᠴᠦᠨ ᠢ ᠠᠭᠤᠳᠠᠯᠬᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠵᠡᠷᠭᠡ 11 ᠲᠠᠯ᠎ᠠ ᠠᠴᠠ ᠪᠣᠳᠠᠲᠠᠢ ᠳᠡᠮᠵᠢᠬᠦ ᠠᠷᠭ᠎ᠠ ᠬᠡᠮᠵᠢᠶ᠎ᠡ ᠳᠤᠷᠠᠳᠴᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠨ ︽ᠡᠷᠭᠢᠯᠳᠦᠭᠦᠯᠦᠨ ᠠᠰᠢᠭᠯᠠᠬᠤ ︱ ᠳᠠᠷᠢᠬᠤ ︱ ᠪᠤᠯᠪᠠᠰᠤᠷᠠᠭᠤᠯᠬᠤ ︱ ᠦᠢᠯᠡᠴᠢᠯᠡᠬᠦ ︱ᠡᠵᠡᠩᠨᠡᠨ ᠪᠣᠷᠣᠯᠠᠭᠤᠯᠬᠤ︾ ᠪᠦᠭᠦ ᠬᠡᠯᠬᠢᠶ᠎ᠡ ᠶᠢ ᠨᠠᠪᠲᠠᠷᠡᠭᠦᠯᠵᠦ᠂ ᠲᠠᠷᠢᠶᠠᠯᠠᠩ  ᠤᠨ ᠦᠢᠯᠡᠳᠪᠦᠷᠢᠯᠡᠯ ᠤᠨ ᠠᠷᠭ᠎ᠠ ᠭᠡᠯᠪᠡᠷᠢ ᠶᠢᠨ ᠬᠤᠪᠢᠰᠤᠯᠲᠠ ᠶᠢ ᠠᠬᠢᠭᠤᠯᠵᠤ᠂ ᠮᠦ ᠨᠢᠭᠡᠴᠢ ᠶᠢᠨ ᠤᠨᠠᠯᠲᠠ ᠶᠢ 1 ᠲᠤᠨ ᠳᠤ ᠬᠦᠷᠭᠡᠬᠦ ᠰᠠᠶᠢᠨ ᠲᠠᠷᠢᠶ᠎ᠠ ᠶᠢᠨ ᠪᠦᠲᠦᠭᠡᠨ ᠪᠠᠶᠢᠭᠤᠯᠤᠯᠲᠠ ᠳᠤ ᠪᠦᠭᠦ ᠲᠠᠯ᠎ᠠ ᠶᠢᠨ ᠳᠡᠮᠵᠢᠯᠭᠡ ᠬᠠᠩᠭᠠᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号