︽ᠡᠪᠦᠯ ᠤᠨ ᠬᠠᠷ᠎ᠠ ᠪᠤᠭᠤᠳᠠᠢ +︾ ᠲᠠᠷᠢᠮᠠᠯ ᠤᠨ ᠮᠡᠷᠭᠡᠵᠢᠯ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/6/13
图片1.png
图片2.png
      ᠣᠶᠢᠷ᠎ᠠ ᠳᠤ᠂ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠡᠵᠢᠭᠡᠯ ᠡᠪᠡᠰᠦ ᠪᠣᠷᠳᠤᠭ᠎ᠠ ᠶᠢᠨ ᠰᠤᠳᠤᠯᠭᠠᠨ ᠤ ᠭᠠᠵᠠᠷ ᠤᠨ ᠬᠢᠨ  ᠲᠦᠩᠯᠢᠶᠣᠣ ᠬᠤᠲᠠ ᠳᠤ ᠬᠦᠷᠴᠦ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠬᠠᠮᠲᠤᠷᠠᠨ ᠬᠤᠷᠠᠯᠳᠤᠭᠤᠯᠤᠭᠰᠠᠨ ︽ᠡᠪᠦᠯ ᠤᠨ ᠬᠠᠷ᠎ᠠ ᠪᠤᠭᠤᠳᠠᠢ +︾ ᠲᠠᠷᠢᠮᠠᠯ ᠤᠨ ᠵᠠᠭᠪᠤᠷ ᠤᠨ ᠦᠵᠡᠭᠦᠯᠭᠡ ᠶᠢᠨ ᠬᠤᠷᠠᠯ ᠤᠨ ᠲᠤᠬᠠᠢ ᠶᠢᠨ ᠲᠠᠯᠠᠪᠤᠷ ᠲᠤ ᠣᠷᠣᠯᠴᠠᠪᠠ᠃      ᠦᠵᠡᠭᠦᠯᠭᠡ ᠶᠢᠨ ᠬᠤᠷᠠᠯ ᠳᠡᠭᠡᠷ᠎ᠡ᠂ ︽ᠡᠪᠦᠯ ᠤᠨ ᠬᠠᠷ᠎ᠠ ᠪᠤᠭᠤᠳᠠᠢ +︾ ᠶᠢᠨ ᠲᠠᠷᠢᠮᠠᠯ ᠤᠨ ᠵᠠᠭᠪᠤᠷ ᠢ ᠳᠡᠯᠭᠡᠨ ᠦᠵᠡᠭᠦᠯᠵᠦ᠂ ᠣᠳᠣᠬᠠᠨ ᠳᠤ ᠣᠷᠳᠣᠰ ᠬᠤᠲᠠ ᠶᠢᠨ ᠡᠪᠦᠯ ᠤᠨ ᠬᠠᠷ᠎ᠠ ᠪᠤᠭᠤᠳᠠᠢ ᠶᠢᠨ ᠲᠠᠷᠢᠮᠠᠯ ᠤᠨ ᠮᠡᠷᠭᠡᠵᠢᠯ ᠤᠨ ᠬᠦᠴᠢᠷ ᠠᠰᠠᠭᠤᠳᠠᠯ ᠤᠨ ᠲᠤᠬᠠᠢ ᠲᠤᠰᠬᠠᠢ ᠮᠡᠷᠭᠡᠵᠢᠯᠲᠡᠨ ᠲᠠᠢ ᠰᠣᠯᠢᠯᠴᠠᠨ ᠶᠠᠷᠢᠯᠴᠠᠪᠠ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠤᠯᠤᠰ ᠤᠨ ᠲᠡᠵᠢᠭᠡᠯ ᠡᠪᠡᠰᠦᠨ ᠤ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠠᠵᠢᠯ ᠤᠨ ᠪᠠᠶᠢᠷᠢ ᠶᠢᠨ ᠲᠤᠰᠬᠠᠢ ᠮᠡᠷᠭᠡᠵᠢᠯᠲᠡᠨ ᠸᠠᠩ ᠰᠢᠶᠠᠨ ᠭᠦᠸᠧ ᠬᠡᠯᠡᠬᠦ ᠳᠡᠭᠡᠨ᠂ ︽ᠡᠪᠦᠯ ᠤᠨ ᠬᠠᠷ᠎ᠠ ᠪᠤᠭᠤᠳᠠᠢ +︾ ᠲᠠᠷᠢᠮᠠᠯ ᠤᠨ ᠵᠠᠭᠪᠤᠷ ᠨᠢ ᠲᠡᠵᠢᠭᠡᠯ ᠡᠪᠡᠰᠦᠨ ᠤ ᠤᠨᠠᠯᠲᠠ ᠶᠢ ᠨᠡᠮᠡᠭᠳᠡᠭᠦᠯᠬᠦ ᠪᠣᠭᠤᠮᠢ ᠶᠢ ᠡᠪᠳᠡᠬᠦ ᠳᠤ ᠪᠣᠯᠣᠯᠴᠠᠭᠠᠲᠤ ᠴᠢᠨᠠᠷ ᠢ ᠬᠠᠩᠭᠠᠭᠰᠠᠨ ᠪᠠᠶᠢᠨ᠎ᠠ᠃ ᠡᠪᠦᠯ ᠤᠨ ᠬᠠᠷ᠎ᠠ ᠪᠤᠭᠤᠳᠠᠢ ᠨᠢ ᠦᠶᠡᠲᠦ ᠤᠷᠭᠤᠮᠠᠯ ᠤᠨ ᠢᠵᠠᠭᠤᠷ ᠤᠨ ᠨᠢᠭᠡ ᠨᠠᠰᠤᠳᠤ ᠡᠪᠦᠯᠵᠢᠬᠦ ᠲᠡᠵᠢᠭᠡᠯ ᠪᠣᠷᠳᠤᠭ᠎ᠠ ᠶᠢᠨ ᠲᠠᠷᠢᠮᠠᠯ ᠪᠠᠶᠢᠵᠤ᠂ ᠨᠣᠭᠤᠭᠠᠷᠠᠬᠤ  ᠨᠢ ᠡᠷᠲᠡ᠂ ᠤᠷᠭᠤᠯᠲᠠ ᠶᠢᠨ ᠬᠤᠷᠳᠤᠴᠠ ᠨᠢ ᠴᠦ ᠬᠠᠪᠤᠷ ᠤᠨ ᠲᠠᠷᠢᠮᠠᠯ ᠨᠤᠬᠠᠢ ᠶᠢᠨ ᠬᠤᠰᠢᠭᠤ ᠠᠴᠠ ᠲᠦᠷᠭᠡᠨ᠂ ᠶᠡᠷᠦ ᠳᠤ ᠪᠠᠨ 5 ᠰᠠᠷ᠎ᠠ ᠶᠢᠨ ᠰᠡᠭᠦᠯᠴᠢ ᠠᠴᠠ 6 ᠰᠠᠷ᠎ᠠ ᠶᠢᠨ ᠡᠬᠢ ᠪᠠᠷ ᠳᠠᠷᠤᠢ ᠬᠤᠷᠢᠶᠠᠵᠤ ᠪᠣᠯᠣᠨ᠎ᠠ᠂ ᠢᠩᠭᠢᠵᠦ ᠬᠤᠷᠢᠶᠠᠪᠠᠯ ᠬᠠᠭᠤᠷᠠᠢ ᠡᠪᠡᠰᠦ ᠨᠠᠶᠢᠷᠠᠭᠤᠯᠬᠤ ᠳᠤ ᠨᠠᠩ ᠠᠰᠢᠭᠲᠠᠢ ᠪᠠᠶᠢᠵᠤ᠂ ᠡᠪᠦᠯ ᠬᠠᠪᠤᠷ ᠤᠨ ᠤᠯᠠᠷᠢᠯ ᠤᠨ ᠲᠡᠵᠢᠭᠡᠯ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠲᠡᠵᠢᠭᠡᠨ ᠦᠷᠡᠵᠢᠭᠦᠯᠬᠦ ᠦᠢᠯᠡᠰ ᠲᠤ ᠦᠵᠡᠭᠦᠯᠬᠦ ᠨᠥᠯᠥᠭᠡ ᠶᠢ ᠪᠦᠲᠦᠮᠵᠢᠲᠡᠶ ᠨᠠᠮᠳᠠᠭᠤᠯᠵᠤ ᠴᠢᠳᠠᠨ᠎ᠠ᠃ ︽ᠡᠪᠦᠯ ᠤᠨ ᠬᠠᠷ᠎ᠠ ᠪᠤᠭᠤᠳᠠᠢ + ᠨᠣᠭᠤᠭᠠᠨ ᠳᠠᠷᠤᠰᠢ ᠶᠢᠨ ᠡᠷᠳᠡᠨᠢ ᠰᠢᠰᠢ︾ ᠶᠢᠨ ᠡᠭᠡᠯᠵᠢᠯᠡᠨ ᠲᠠᠷᠢᠬᠤ ᠵᠠᠭᠪᠤᠷ ᠨᠢ ᠠᠮᠤ ᠪᠤᠳᠠᠭᠠᠨ ᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠦᠭᠡᠢ ᠪᠠᠶᠢᠳᠠᠯ ᠳᠣᠣᠷ᠎ᠠ ᠴᠢᠨᠠᠷ ᠰᠠᠶᠢᠲᠠᠢ ᠲᠡᠵᠢᠭᠡᠯ ᠡᠪᠡᠰᠦᠨ ᠤ ᠤᠨᠠᠯᠲᠠ ᠶᠢ ᠳᠡᠭᠡᠭᠰᠢᠯᠡᠭᠦᠯᠵᠦ ᠴᠢᠳᠠᠬᠤ ᠶᠢ ᠪᠡᠶᠡᠯᠡᠭᠦᠯᠪᠡ᠂ ᠲᠤᠰ ᠤᠳᠠᠭᠠᠨ ᠤ ᠲᠤᠬᠠᠢ ᠶᠢᠨ ᠲᠠᠯᠠᠪᠤᠷ ᠤᠨ ᠤᠨᠠᠯᠲᠠ ᠶᠢᠨ ᠬᠡᠮᠵᠢᠯᠲᠡ ᠳᠤ ᠡᠪᠦᠯ ᠤᠨ ᠬᠠᠷ᠎ᠠ ᠪᠤᠭᠤᠳᠠᠢ ᠶᠢᠨ ᠮᠦ ᠪᠦᠷᠢ ᠶᠢᠨ ᠤᠨᠠᠯᠲᠠ ᠶᠢᠨ ᠰᠢᠨ᠎ᠡ ᠰᠣᠷᠭᠤᠭ ᠡᠪᠡᠰᠦ ᠨᠢ 3.18 ᠲᠣᠨ ᠳᠤ ᠬᠦᠷᠴᠦ᠂ ᠴᠢᠨᠠᠷ ᠰᠠᠶᠢᠲᠠᠢ ᠲᠡᠵᠢᠭᠡᠯ ᠡᠪᠡᠰᠦᠨ ᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠪᠦᠲᠦᠮᠵᠢᠲᠡᠢ ᠨᠠᠮᠳᠠᠭᠤᠯᠤᠭᠰᠠᠨ ᠢ ᠭᠦᠢᠴᠡᠳ ᠭᠡᠷᠡᠴᠢᠯᠡᠪᠡ᠃      ᠲᠣᠰ ᠤᠳᠠᠭᠠᠨ ᠤ ᠰᠤᠷᠤᠯᠴᠠᠯᠭ᠎ᠠ ᠰᠣᠯᠢᠯᠴᠠᠭ᠎ᠠ ᠪᠠᠷ ᠳᠡᠮᠵᠢᠨ᠂ ᠡᠪᠦᠯ ᠤᠨ ᠬᠠᠷ᠎ᠠ ᠪᠤᠭᠤᠳᠠᠢ ᠶᠢᠨ ᠲᠠᠷᠢᠮᠠᠯ ᠤᠨ ᠦᠨ᠎ᠡ ᠥᠷᠲᠡᠭ ᠮᠠᠰᠢ ᠶᠡᠭᠡ ᠪᠠᠶᠢᠬᠤ ᠶᠢ ᠰᠢᠭᠤᠳ ᠣᠶᠢᠯᠠᠭᠠᠪᠠ᠃ ᠲᠦᠩᠯᠢᠶᠣᠣ ᠬᠤᠲᠠ ᠪᠠᠷ ᠵᠢᠱᠢᠶᠡᠯᠡᠪᠡᠯ᠂ ᠨᠢᠭᠡ ᠲᠠᠯ᠎ᠠ ᠪᠠᠷ ᠠᠮᠢ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ ᠬᠥᠷᠥᠰᠥ ᠰᠢᠷᠣᠢ ᠶᠢᠨ ᠰᠠᠯᠬᠢᠨ ᠳᠤ ᠢᠳᠡᠭᠳᠡᠬᠦ ᠶᠢ ᠰᠡᠷᠭᠡᠶᠢᠯᠡᠬᠦ ᠦᠢᠯᠡᠳᠦᠯ ᠦᠵᠡᠭᠦᠯᠵᠦ᠂ ᠨᠥᠭᠦᠭᠡ ᠲᠠᠯ᠎ᠠ ᠪᠠᠷ ᠭᠠᠵᠠᠷ ᠰᠢᠷᠣᠢ ᠶᠢᠨ ᠥᠩ ᠰᠢᠮᠡᠯᠢᠭ ᠵᠢᠭᠠᠯᠲᠠ ᠲᠤᠭ᠎ᠠ ᠶᠢ ᠨᠡᠮᠡᠭᠳᠡᠭᠦᠯᠵᠦ᠂ ᠪᠠᠰᠠ ᠭᠤᠤᠷᠰᠤᠨ ᠳᠤ ᠰᠠᠭᠠᠭ᠂ ᠨᠠᠷᠠᠨ ᠬᠤᠸᠠᠷ ᠵᠢᠴᠢ ᠨᠣᠭᠤᠭᠠᠨ ᠳᠠᠷᠤᠰᠢ ᠶᠢᠨ ᠡᠷᠳᠡᠨᠢ ᠰᠢᠰᠢ ᠵᠡᠷᠭᠡ ᠶᠢ ᠲᠠᠷᠢᠬᠤ ᠳᠤ ᠨᠥᠯᠥᠭᠡᠯᠡᠬᠦ ᠦᠭᠡᠢ ᠪᠠᠶᠢᠵᠤ᠂ ᠪᠦᠬᠦ ᠵᠢᠯ ᠤᠨ ᠲᠠᠷᠢᠮᠠᠯ ᠲᠠᠢ ᠬᠠᠷᠢᠴᠠᠭᠤᠯᠪᠠᠯ ᠣᠷᠣᠯᠭ᠎ᠠ ᠶᠢ ᠨᠡᠮᠡᠭᠳᠡᠭᠦᠯᠬᠦ ᠶᠢ ᠦᠨᠳᠦᠰᠦᠨ ᠳᠡᠭᠡᠨ ᠪᠡᠶᠡᠯᠡᠭᠦᠯᠪᠡ᠃      ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠨᠢ ᠣᠷᠳᠣᠰ ᠬᠤᠲᠠ ᠶᠢᠨ ᠡᠯᠡᠰᠦᠷᠬᠡᠭ ᠭᠠᠵᠠᠷ ᠤᠨ ᠬᠥᠷᠥᠰᠥ ᠰᠢᠷᠣᠢ ᠶᠢᠨ ᠣᠷᠭᠠᠨᠢᠭ ᠪᠣᠳᠠᠰ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠲᠠᠷᠢᠶᠠᠨ ᠭᠠᠵᠠᠷ ᠤᠨ ᠬᠥᠷᠥᠰᠥ ᠰᠢᠷᠣᠢ ᠶᠢ ᠰᠠᠶᠢᠵᠢᠷᠠᠭᠤᠯᠤᠨ᠂ ᠲᠠᠷᠢᠶᠠᠯᠠᠩ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠲᠡᠵᠢᠭᠡᠯ ᠡᠪᠡᠰᠦᠨ ᠤ ᠭᠠᠷᠤᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ 2023 ᠣᠨ ᠳᠤ ᠲᠦᠩᠯᠢᠶᠣᠣ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠬᠠᠩᠭᠠᠭᠰᠠᠨ ᠬᠠᠷ᠎ᠠ ᠪᠤᠭᠤᠳᠠᠢ ᠶᠢᠨ ᠰᠢᠨ᠎ᠡ ᠡᠭᠦᠯᠳᠡᠷ ᠢ ᠣᠷᠣᠭᠤᠯᠤᠨ ᠠᠪᠴᠢᠷᠠᠪᠠ᠃ ᠲᠠᠷᠠᠭᠠᠴᠢ ᠶᠢᠨ ᠠᠯᠬᠤᠮ ᠳᠤ᠂ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ  ᠨᠢ ᠪᠤᠰᠤᠳ ᠭᠠᠵᠠᠷ ᠣᠷᠣᠨ ᠤ ᠲᠡᠷᠢᠭᠦᠨ ᠤ ᠲᠠᠷᠢᠮᠠᠯ ᠤᠨ ᠵᠠᠭᠪᠤᠷ ᠢ ᠰᠤᠷᠤᠯᠴᠠᠨ ᠯᠠᠪᠯᠠᠯᠲᠠ ᠪᠣᠯᠭᠠᠵᠤ᠂ ᠣᠷᠳᠣᠰ ᠲᠤ ᠲᠣᠬᠢᠷᠠᠬᠤ ︽ᠡᠪᠦᠯ ᠤᠨ ᠬᠠᠷ᠎ᠠ ᠪᠤᠭᠤᠳᠠᠢ +︾ ᠶᠢᠨ ᠦᠢᠯᠡᠳᠪᠦᠷᠢᠯᠡᠯ ᠤᠨ ᠵᠠᠭᠪᠤᠷ ᠢ ᠰᠣᠳᠤᠯᠤᠨ᠎ᠠ᠃ ᠲᠠᠷᠢᠶᠠᠯᠠᠭ᠎ᠠ ᠮᠠᠯᠵᠢᠯᠭ᠎ᠠ ᠰᠣᠯᠪᠢᠴᠠᠭᠰᠠᠨ ᠪᠦᠰᠡ ᠶᠢᠨ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ᠂ ᠡᠪᠡᠰᠦ ᠲᠠᠷᠢᠶ᠎ᠠ ᠶᠢ ᠡᠭᠡᠯᠵᠢᠯᠡᠨ ᠳᠠᠷᠢᠬᠤ᠂ ᠮᠠᠯ ᠪᠡᠯᠴᠢᠭᠡᠷ ᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠣᠷᠳᠣᠰ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号