ᠬᠡᠪᠴᠢᠶᠡᠲᠦ ᠭᠠᠭ᠋ᠠᠢ ᠶᠢᠨ ᠲᠠᠯᠠᠪᠠᠢ ᠶᠢᠨ ᠥᠪᠡᠷᠲᠡᠭᠡᠨ ᠲᠡᠵᠢᠭᠡᠬᠦ ᠪᠠ ᠲᠥᠬᠦᠭᠡᠷᠦᠮᠵᠢ ᠶᠢ ᠢᠵᠢ ᠪᠦᠷᠢᠳᠦᠭᠦᠯᠬᠦ ᠮᠡᠷᠭᠡᠵᠢᠯ
ᠨᠡᠶᠢᠲᠡᠯᠡᠭᠰᠡᠨ ᠴᠠᠭ᠄
2024/6/13
      ᠨᠢᠭᠡ᠂ ᠮᠡᠷᠭᠡᠵᠢᠯ ᠤᠨ ᠲᠣᠶᠢᠮᠣᠴᠢᠯᠠᠯ      ᠣᠶᠢᠷ᠎ᠠ ᠶᠢᠨ ᠵᠢᠯ ᠤᠳ ᠲᠤ᠂ ᠬᠡᠪᠴᠢᠶᠡᠲᠦ ᠭᠠᠭ᠋ᠠᠢ ᠶᠢᠨ ᠲᠠᠯᠠᠪᠠᠶ ᠶᠢᠨ ᠶᠡᠭᠡ ᠬᠡᠮᠵᠢᠶ᠎ᠡ ᠪᠠᠷ ᠬᠥᠭᠵᠢᠭᠰᠡᠨ ᠪᠠ ᠲᠡᠵᠢᠭᠡᠨ ᠠᠷᠠᠴᠢᠯᠠᠬᠤ ᠠᠵᠢᠯᠴᠢᠨ ᠤ ᠬᠦᠨᠳᠦ ᠨᠣᠴᠢᠲᠠᠢ ᠳᠤᠲᠠᠭᠳᠠᠬᠤ ᠶᠢ ᠳᠠᠭᠠᠯᠳᠤᠨ᠂ ᠠᠦ᠋ᠲ᠋ᠣ᠋ ᠲᠡᠵᠢᠭᠡᠯ ᠪᠣᠷᠳᠣᠭᠠᠨ ᠤ ᠰᠢᠰᠲ᠋ᠧᠮ ᠨᠢ ᠨᠢᠭᠡᠨᠲᠡ ᠭᠠᠭ᠋ᠠᠢ ᠶᠢᠨ ᠲᠠᠯᠠᠪᠠᠶ ᠳᠤ ᠥᠷᠭᠡᠨ ᠢᠶᠠᠷ ᠬᠡᠷᠡᠭᠯᠡᠭᠳᠡᠵᠦ᠂ ᠥᠷᠭᠡᠨ ᠣᠯᠠᠨ ᠭᠠᠭ᠋ᠠᠢ ᠶᠢᠨ ᠲᠠᠯᠠᠪᠠᠶ ᠶᠢᠨ ᠨᠤᠲᠠᠯᠠᠯ ᠢ ᠣᠯᠵᠤ᠂ ᠢᠯᠠᠩᠭᠤᠶ᠎ᠠ ᠬᠡᠪᠴᠢᠶᠡᠲᠦ ᠭᠠᠭ᠋ᠠᠢ ᠶᠢᠨ ᠲᠠᠯᠠᠪᠠᠶ ᠶᠢᠨ ᠪᠦᠷᠢᠨ ᠠᠦ᠋ᠲ᠋ᠣ᠋ ᠲᠡᠵᠢᠭᠡᠯ ᠪᠣᠷᠳᠣᠭᠠᠨ ᠤ ᠰᠢᠰᠲ᠋ᠧᠮ ᠪᠣᠯᠤᠭᠰᠠᠨ ᠪᠠᠶᠢᠨ᠎ᠠ᠃ ᠲᠡᠭᠦᠨ ᠤ ᠠᠵᠢᠯᠯᠠᠬᠤ ᠶᠣᠰᠣ ᠨᠢ ᠭᠤᠷᠪᠠᠨ ᠹᠠᠰ ᠤᠨ ᠬᠤᠪᠢᠰᠤᠮᠠᠯ ᠭᠦᠶᠦᠳᠡᠯᠲᠦ ᠴᠠᠬᠢᠯᠭᠠᠨ ᠮᠠᠰᠢᠨ ᠤ ᠬᠤᠰᠤᠭᠤᠷ ᠬᠠᠪᠲᠠᠰᠤᠲᠤ ᠭᠢᠨᠵᠢ ᠨᠢ ᠵᠥᠭᠡᠯᠡᠨ ᠬᠤᠭᠤᠯᠠᠢ ᠪᠠᠷ ᠳᠠᠮᠵᠢᠵᠤ᠂ ᠬᠠᠭᠤᠷᠠᠢ ᠲᠡᠵᠢᠭᠡᠯ ᠪᠣᠷᠳᠤᠭ᠎ᠠ ᠪᠤᠶᠤ ᠰᠢᠩᠭᠡᠨ ᠪᠡᠶᠡᠲᠦ ᠲᠡᠵᠢᠭᠡᠯ ᠪᠣᠷᠳᠤᠭ᠎ᠠ ﹇ᠬᠠᠲᠠᠭᠤ ᠪᠡᠶᠡᠲᠦ ᠲᠡᠵᠢᠭᠡᠯ ᠪᠣᠷᠳᠣᠭᠠᠨ ᠤ ᠲᠦᠭᠦᠬᠡᠢ ᠮᠠᠲ᠋ᠧᠷᠢᠶᠠᠯ ᠢ ᠨᠠᠷᠢᠨ ᠣᠨᠣᠪᠴᠢᠲᠠᠶ ᠬᠤᠯᠢᠵᠤ ᠬᠤᠳᠬᠤᠪᠠᠯ᠂ ᠡᠩ ᠤᠨ ᠬᠠᠭᠤᠷᠠᠢ ᠪᠣᠳᠠᠰ ᠤᠨ ᠠᠭᠤᠯᠤᠭᠳᠠᠴᠠ ᠨᠢ 20% ~ 40% ᠪᠠᠶᠢᠵᠤ᠂ ᠤᠰᠤ ᠪᠣᠯᠣᠨ ᠲᠡᠵᠢᠭᠡᠯ ᠪᠣᠷᠳᠣᠭᠠᠨ ᠤ ᠬᠠᠷᠢᠴᠠᠯ ᠨᠢ ︵2.8 ~ 3.5︶᠄1﹈᠂ ᠲᠡᠵᠢᠭᠡᠯ ᠪᠣᠷᠳᠣᠭᠠᠨ ᠤ ᠰᠠᠪᠠ ︵ᠺᠣᠮᠫᠢᠦ᠋ᠲ᠋ᠧᠷ ᠤᠨ ᠡᠵᠡᠮᠰᠢᠯ ᠳᠣᠣᠷ᠎ᠠ︶ ᠪᠠᠷ ᠭᠠᠭ᠋ᠠᠢ ᠶᠢᠨ ᠬᠠᠰᠢᠶ᠎ᠠ ᠶᠢᠨ ᠲᠡᠵᠢᠭᠡᠯ ᠪᠣᠷᠳᠣᠭᠠᠨ ᠤ ᠱᠤᠭᠤᠮ ᠤᠨ ᠬᠤᠭᠤᠯᠠᠢ ᠳᠤ ᠬᠦᠷᠭᠡᠵᠦ᠂ ᠭᠠᠭ᠋ᠠᠢ ᠶᠢᠨ ᠢᠳᠡᠰᠢ ᠠᠪᠤᠳᠠᠭ ᠬᠤᠭᠤᠯᠠᠨ ᠣᠩᠭᠤᠴᠠ ᠪᠠᠷ ᠥᠩᠭᠡᠷᠡᠨ᠎ᠡ᠃ ᠬᠤᠭᠤᠯᠠᠨ ᠤ ᠰᠠᠪᠠ ᠨᠢᠭᠡᠪᠦᠷᠢ ᠶᠢᠨ ᠪᠠᠶᠢᠷᠢᠰᠢᠯ ᠳᠤ ᠨᠢᠭᠡ ᠭᠤᠷᠪᠠᠨᠲᠠ ᠮᠠᠲ᠋ᠧᠷᠢᠶᠠᠯ ᠣᠷᠣᠭᠤᠯᠬᠤ ᠠᠮᠠᠰᠠᠷ ᠦᠯᠡᠳᠡᠭᠡᠵᠦ᠂ ᠲᠡᠵᠢᠭᠡᠯ ᠪᠣᠷᠳᠤᠭ᠎ᠠ ᠶᠢ ᠭᠢᠨᠵᠢ ᠶᠢᠨ ᠳᠠᠭᠠᠭᠤᠯᠭ᠎ᠠ ᠪᠠᠷ ᠬᠤᠭᠤᠯᠠᠨ ᠤ ᠰᠠᠪᠠᠨ ᠳᠤ ᠬᠤᠰᠤᠵᠤ ᠣᠷᠣᠭᠤᠯᠤᠨ᠎ᠠ᠂ ᠲᠡᠷᠡ ᠨᠢ ᠲᠡᠵᠢᠭᠡᠯ ᠪᠣᠷᠳᠣᠭᠠᠨ ᠤ ᠰᠠᠪᠠ ᠳᠣᠲᠣᠷᠠᠬᠢ ᠲᠡᠵᠢᠭᠡᠯ ᠪᠣᠷᠳᠤᠭ᠎ᠠ ᠶᠢ ᠭᠠᠭ᠋ᠠᠢ ᠶᠢᠨ ᠲᠡᠵᠢᠭᠡᠯ ᠠᠪᠬᠤ ᠰᠠᠪᠠᠨ ᠳᠤ ᠠᠶᠠᠨᠳᠠᠭᠠᠨ ᠬᠦᠷᠭᠡᠵᠦ ᠴᠢᠳᠠᠨ᠎ᠠ᠂ ᠲᠤᠰ ᠰᠢᠰᠲ᠋ᠧᠮ ᠨᠢ ᠬᠥᠮᠥᠨ ᠤ ᠬᠦᠴᠦ ᠪᠠᠷ ᠲᠣᠬᠢᠷᠠᠭᠤᠯᠬᠤ ᠴᠠᠭ᠂ ᠬᠠᠷᠠᠯᠲᠠ ᠪᠠᠨ ᠪᠡᠶᠡᠯᠡᠭᠦᠯᠬᠦ ᠴᠠᠭ ᠤᠨ ᠬᠡᠰᠡᠭ ᠢᠶᠠᠷ ᠳᠠᠮᠵᠢᠨ ᠮᠠᠲ᠋ᠧᠷᠢᠶᠠᠯ ᠬᠠᠩᠭᠠᠵᠤ ᠪᠣᠯᠣᠨ᠎ᠠ᠃ ᠭᠠᠭ᠋ᠠᠢ ᠶᠢᠨ ᠲᠠᠯᠠᠪᠠᠢ ᠳᠤ ᠬᠦᠷᠭᠡᠬᠦ ᠰᠤᠯᠠ ᠪᠣᠷᠳᠤᠭ᠎ᠠ ᠶᠢ ᠤᠷᠢᠳᠠᠪᠠᠷ ᠪᠥᠭᠡᠮ ᠬᠥᠮᠥᠷᠭᠡ ︵ᠪᠠᠭᠯᠠᠭ᠎ᠠ ᠪᠣᠭᠤᠳᠠᠯ ᠤᠨ ᠮᠠᠲ᠋ᠧᠷᠢᠶᠠᠯ ᠤᠨ ᠬᠥᠮᠥᠷᠭᠡ ᠲᠠᠢ ᠲᠡᠩᠴᠡᠨ᠎ᠡ︶ ᠳᠤ ᠬᠠᠳᠠᠭᠠᠯᠠᠵᠤ᠂ ᠦᠢᠯᠡᠳᠪᠦᠷᠢᠯᠡᠯ ᠤᠨ ᠬᠡᠷᠡᠭᠴᠡᠭᠡ ᠪᠠᠨ ᠦᠨᠳᠦᠰᠦᠯᠡᠵᠦ᠂ ᠲᠠᠯᠠᠪᠠᠢ ᠳᠠᠬᠢ ᠮᠠᠰᠢᠨ ᠲᠡᠷᠭᠡ ᠪᠠᠷ ᠡᠯ᠎ᠡ ᠦᠢᠯᠡᠳᠪᠦᠷᠢᠯᠡᠯ ᠤᠨ ᠱᠤᠭᠤᠮ ᠤᠨ ᠮᠠᠲ᠋ᠧᠷᠢᠶᠠᠯ ᠤᠨ ᠰᠤᠪᠤᠷᠭ᠎ᠠ ᠳᠤ ᠬᠦᠷᠭᠡᠨ᠎ᠡ᠃ ᠭᠠᠭ᠋ᠠᠢ ᠲᠡᠵᠢᠭᠡᠬᠦ ᠦᠶ᠎ᠡ ᠳᠤ᠂ ᠠᠵᠢᠯᠲᠠᠨ ᠵᠥᠪᠬᠡᠨ ᠲᠡᠵᠢᠭᠡᠯ ᠪᠣᠷᠳᠣᠭᠠᠨ ᠤ ᠨᠡᠭᠡᠭᠡᠯᠭᠡ ᠶᠢᠨ ᠡᠵᠡᠮᠰᠢᠭᠦᠷ ᠢ ᠨᠡᠭᠡᠭᠡᠪᠡᠯ ᠲᠡᠵᠢᠭᠡᠯ ᠪᠣᠷᠳᠤᠭ᠎ᠠ ᠶᠢ ᠲᠡᠵᠢᠭᠡᠯ ᠪᠣᠷᠳᠣᠭᠠᠨ ᠤ ᠰᠤᠪᠤᠷᠭ᠎ᠠ ᠠᠴᠠ ᠲᠡᠵᠢᠭᠡᠯ ᠪᠣᠷᠳᠣᠭᠠᠨ ᠤ ᠬᠤᠭᠤᠯᠠᠢ ᠪᠠᠷ ᠳᠠᠮᠵᠢᠨ ᠰᠠᠷᠠᠪᠴᠢᠨ ᠳᠣᠲᠣᠷᠠᠬᠢ ᠭᠠᠭ᠋ᠠᠢ ᠪᠦᠷᠢ ᠶᠢᠨ ᠪᠣᠷᠳᠣᠭᠠᠨ ᠤ ᠲᠦᠩᠰᠡ᠂ ᠪᠣᠷᠳᠣᠭᠠᠨ ᠤ ᠣᠩᠭᠤᠴᠠᠨ ᠳᠤ ᠳᠡᠰ ᠳᠠᠷᠠᠭ᠎ᠠ ᠲᠠᠢ ᠪᠠᠷ ᠣᠷᠣᠭᠤᠯᠤᠨ᠎ᠠ᠂ ᠲᠡᠵᠢᠭᠡᠯ ᠪᠣᠷᠳᠣᠭᠠᠨ ᠤ ᠬᠡᠮᠵᠢᠶ᠎ᠡ ᠶᠢ ᠭᠠᠭ᠋ᠠᠢ ᠪᠦᠷᠢ ᠶᠢᠨ ᠠᠳᠠᠯᠢ ᠪᠤᠰᠤ ᠢᠳᠡᠭᠡᠨ ᠤ ᠬᠡᠮᠵᠢᠶ᠎ᠡ ᠶᠢ ᠦᠨᠳᠦᠰᠦᠯᠡᠨ ᠲᠣᠬᠢᠷᠠᠭᠤᠯᠵᠤ ᠪᠣᠯᠣᠨ᠎ᠠ᠃ ᠤᠯᠠᠮᠵᠢᠯᠠᠯᠲᠤ ᠲᠡᠵᠢᠭᠡᠨ ᠦᠷᠡᠵᠢᠭᠦᠯᠬᠦ ᠵᠠᠭᠪᠤᠷ ᠲᠠᠬᠢ ᠬᠥᠮᠥᠨ ᠤ ᠬᠦᠴᠦ ᠪᠠᠷ ᠮᠠᠲ᠋ᠧᠷᠢᠶᠠᠯ ᠠᠴᠢᠶᠠᠯᠠᠵᠤ ᠪᠠᠭᠤᠯᠭᠠᠬᠤ᠂ ᠲᠡᠵᠢᠭᠡᠯ ᠪᠣᠷᠳᠤᠭ᠎ᠠ ᠲᠠᠢ ᠬᠠᠷᠢᠴᠠᠭᠤᠯᠪᠠᠯ᠂ ᠪᠦᠷᠢᠨ ᠠᠦ᠋ᠲ᠋ᠣ᠋ ᠲᠡᠵᠢᠭᠡᠯ ᠪᠣᠷᠳᠤᠭ᠎ᠠ ᠨᠢ ᠠᠵᠢᠯᠲᠠᠨ ᠤ ᠬᠥᠳᠡᠯᠮᠦᠷᠢ ᠶᠢᠨ ᠡᠷᠴᠢᠮ ᠢ ᠶᠡᠭᠡ ᠪᠠᠷ ᠪᠠᠭᠤᠷᠠᠭᠤᠯᠵᠤ᠂ ᠲᠡᠵᠢᠭᠡᠯ ᠪᠣᠷᠳᠤᠭ᠎ᠠ ᠪᠦᠷᠢᠯᠭᠡᠬᠦ ᠶᠢ ᠪᠠᠭᠠᠰᠬᠠᠪᠠ᠃ ᠡᠭᠦᠨ ᠤ ᠬᠠᠮᠲᠤ ᠲᠡᠵᠢᠭᠡᠯ ᠪᠣᠷᠳᠣᠭᠠᠨ ᠤ ᠬᠡᠮᠵᠢᠶ᠎ᠡ ᠶᠢᠨ ᠣᠨᠣᠪᠴᠢᠲᠤ ᠴᠢᠨᠠᠷ ᠢ ᠳᠡᠭᠡᠭᠰᠢᠯᠡᠭᠦᠯᠪᠡ︔ ᠣᠬᠤᠷᠬᠠᠨ ᠬᠤᠭᠤᠴᠠᠭᠠᠨ ᠳᠤ ᠲᠦᠷᠭᠡᠨ ᠪᠥᠭᠡᠳ ᠨᠢᠭᠡᠳᠦᠯᠲᠡᠢ ᠪᠠᠷ ᠲᠡᠵᠢᠭᠡᠯ ᠪᠣᠷᠳᠤᠭ᠎ᠠ ᠢᠳᠡᠭᠦᠯᠵᠦ᠂ ᠡᠨᠡ ᠨᠢ ᠪᠠᠰᠠ ᠭᠠᠭ᠋ᠠᠢ ᠶᠢᠨ ᠰᠦᠷᠦᠭ ᠤᠨ ᠰᠡᠷᠡᠯᠵᠢᠯ ᠤᠨ ᠴᠢᠨᠠᠷ ᠢ ᠪᠠᠭᠤᠷᠠᠭᠤᠯᠤᠭᠰᠠᠨ ᠪᠠᠶᠢᠨ᠎ᠠ᠃      ᠬᠤᠶᠠᠷ᠂ ᠭᠤᠣᠯ ᠠᠭᠤᠯᠭ᠎ᠠ      ︵ᠨᠢᠭᠡ︶ ᠠᠦ᠋ᠲ᠋ᠣ᠋ ᠲᠡᠵᠢᠭᠡᠯ ᠪᠣᠷᠳᠤᠭ᠎ᠠ ᠲᠡᠵᠢᠭᠡᠬᠦ ᠰᠢᠰᠲ᠋ᠧᠮ ᠤᠨ ᠲᠥᠬᠦᠭᠡᠷᠦᠮᠵᠢ ᠶᠢᠨ ᠪᠦᠷᠢᠯᠳᠦᠯ ᠬᠢᠭᠡᠳ ᠠᠵᠢᠯ ᠤᠨ ᠭᠤᠣᠯᠳᠠᠯᠭ᠎ᠠ      ᠭᠠᠭ᠋ᠠᠢ ᠶᠢᠨ ᠲᠠᠯᠠᠪᠠᠶ ᠶᠢᠨ ᠠᠦ᠋ᠲ᠋ᠣ᠋ ᠲᠡᠵᠢᠭᠡᠯ ᠪᠣᠷᠳᠣᠭᠠᠨ ᠤ ᠰᠢᠰᠲ᠋ᠧᠮ ᠨᠢ ᠭᠤᠣᠯᠳᠠᠭᠤ ᠡᠵᠡᠮᠳᠡᠬᠦ ᠰᠢᠰᠲ᠋ᠧᠮ᠂ ᠮᠠᠲ᠋ᠧᠷᠢᠶᠠᠯ ᠬᠠᠳᠠᠭᠠᠯᠠᠬᠤ ᠰᠢᠰᠲ᠋ᠧᠮ᠂ ᠬᠥᠳᠡᠯᠭᠡᠬᠦ ᠰᠢᠰᠲ᠋ᠧᠮ᠂ ᠪᠦᠬᠦᠯᠢ ᠴᠣᠭᠴᠠ ᠶᠢᠨ ᠡᠷᠭᠢᠯᠲᠡ ᠶᠢᠨ ᠥᠨᠴᠥᠭ᠂ ᠬᠤᠭᠤᠯᠠᠢ ᠤᠲᠠᠰᠤ᠂ ᠮᠠᠲ᠋ᠧᠷᠢᠶᠠᠯ ᠪᠠᠭᠤᠯᠭᠠᠬᠤ ᠠᠮᠠᠰᠠᠷ᠂ ᠠᠦ᠋ᠲ᠋ᠣ᠋ ᠲᠡᠵᠢᠭᠡᠯ ᠪᠣᠷᠳᠣᠭᠠᠨ ᠤ ᠰᠢᠰᠲ᠋ᠧᠮ᠂ ᠬᠡᠮᠵᠢᠭᠦᠷ ᠵᠡᠷᠭᠡ ᠬᠡᠰᠡᠭ ᠢᠶᠠᠷ ᠪᠦᠷᠢᠯᠳᠦᠳᠡᠭ᠃      1. ᠲᠡᠵᠢᠭᠡᠯ ᠪᠣᠷᠳᠤᠭ᠎ᠠ ᠶᠢᠨ ᠲᠡᠷᠭᠡ ᠪᠠᠷ ᠲᠡᠭᠡᠭᠡᠪᠦᠷᠢᠯᠡᠬᠦ᠄ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠶᠢᠨ ᠦᠢᠯᠡᠳᠪᠦᠷᠢᠯᠡᠭᠰᠡᠨ ᠪᠦᠬᠦ ᠦᠨ᠎ᠡ ᠶᠢᠨ ᠨᠠᠶᠢᠷᠠᠯᠭ᠎ᠠ ᠲᠠᠢ ᠲᠡᠵᠢᠭᠡᠯ ᠪᠣᠷᠳᠤᠭ᠎ᠠ ᠶᠢ ᠲᠤᠰᠬᠠᠢ ᠲᠡᠭᠡᠭᠡᠪᠦᠷᠢ ᠶᠢᠨ ᠲᠡᠷᠭᠡ ᠪᠠᠷ ᠭᠠᠭ᠋ᠠᠢ ᠶᠢᠨ ᠲᠠᠯᠠᠪᠠᠢ ᠳᠤ ᠬᠦᠷᠭᠡᠵᠦ᠂ ᠲᠡᠵᠢᠭᠡᠯ ᠪᠣᠷᠳᠤᠭ᠎ᠠ ᠬᠠᠳᠠᠭᠠᠯᠠᠬᠤ ᠰᠤᠪᠤᠷᠭ᠎ᠠ ᠪᠤᠶᠤ ᠬᠥᠮᠥᠷᠭᠡ ᠳᠤ ᠪᠠᠭᠤᠯᠭᠠᠨ᠎ᠠ᠂ ᠲᠡᠵᠢᠭᠡᠯ ᠪᠣᠷᠳᠤᠭ᠎ᠠ ᠪᠠᠭᠤᠯᠭᠠᠬᠤ ᠮᠠᠰᠢᠨ ᠳᠤ ᠪᠠᠰᠠ ᠮᠧᠬᠠᠨᠢᠭ ᠪᠠ ᠬᠡᠢ ᠶᠢᠨ ᠤᠷᠤᠰᠬᠠᠯ ᠢᠶᠠᠷ ᠳᠠᠮᠵᠢᠭᠤᠯᠬᠤ ᠬᠡᠯᠪᠡᠷᠢ ᠶᠢᠨ 2 ᠵᠦᠢᠯ ᠪᠠᠶᠢᠳᠠᠭ᠃      2 . ᠮᠠᠲ᠋ᠧᠷᠢᠶᠠᠯ ᠬᠠᠳᠠᠭᠠᠯᠠᠬᠤ ᠰᠤᠪᠤᠷᠭ᠎ᠠ      ᠡᠨᠡ ᠨᠢ ᠪᠣᠷᠳᠣᠭᠠᠨ ᠤ ᠬᠥᠮᠥᠷᠭᠡ᠂ ᠲᠡᠭᠡᠪᠦᠷ ᠤᠨ  ᠪᠦᠷᠬᠦᠭᠡᠰᠦ᠂ ᠲᠤᠯᠤᠭᠴᠢ ᠬᠥᠯ᠂ ᠢᠷᠤᠭᠠᠷ ᠤᠨ ᠠᠶᠢᠮᠠᠭ ᠤᠨ ᠪᠣᠷᠳᠣᠭᠠᠨ ᠤ ᠠᠮᠠᠰᠠᠷ ᠵᠢᠴᠢ ᠨᠡᠭᠡᠭᠡᠯᠭᠡ ᠪᠠᠷ ᠪᠦᠷᠢᠯᠳᠦᠭᠰᠡᠨ ᠪᠠᠶᠢᠳᠠᠭ᠃ ᠮᠠᠲ᠋ᠧᠷᠢᠶᠠᠯ ᠬᠠᠳᠠᠭᠠᠯᠠᠬᠤ ᠰᠤᠪᠤᠷᠭ᠎ᠠ ᠶᠢ ᠰᠢᠯ ᠪᠣᠯᠣᠳ ᠤᠨ ᠮᠠᠲ᠋ᠧᠷᠢᠶᠠᠯ ᠬᠠᠳᠠᠭᠠᠯᠠᠬᠤ ᠰᠤᠪᠤᠷᠭ᠎ᠠ ᠪᠠ ᠴᠠᠶᠢᠷᠯᠠᠭᠰᠠᠨ ᠬᠠᠪᠲᠠᠰᠤ ᠪᠠᠷ ᠮᠠᠲ᠋ᠧᠷᠢᠶᠠᠯ ᠬᠠᠳᠠᠭᠠᠯᠠᠬᠤ ᠰᠤᠪᠤᠷᠭ᠎ᠠ ᠭᠡᠵᠦ ᠬᠤᠶᠠᠷ ᠵᠦᠢᠯ ᠳᠤ ᠬᠤᠪᠢᠶᠠᠳᠠᠭ᠃ ᠰᠢᠯ ᠪᠣᠯᠣᠳ ᠤᠨ ᠮᠠᠲ᠋ᠧᠷᠢᠶᠠᠯ ᠬᠠᠳᠠᠭᠠᠯᠠᠬᠤ ᠰᠤᠪᠤᠷᠭ᠎ᠠ ᠶᠢᠨ ᠢᠯᠴᠢ ᠬᠠᠯᠳᠠᠯᠲᠠ ᠶᠢᠨ ᠢᠯᠡᠳᠬᠡᠮᠵᠢ ᠳᠣᠣᠷ᠎ᠠ᠂ ᠬᠠᠯᠠᠭᠤᠨ ᠢ ᠬᠥᠨᠳᠡᠶᠢᠷᠡᠭᠦᠯᠬᠦ᠂ ᠦᠯᠦ ᠯᠡᠪᠡᠷᠡᠬᠦ᠂ ᠦᠯᠦ ᠵᠢᠪᠡᠷᠡᠬᠦ ᠵᠡᠷᠭᠡ ᠳᠠᠪᠠᠭᠤᠯᠢᠭ ᠲᠠᠯ᠎ᠠ ᠨᠢ ᠣᠶᠢᠷ᠎ᠠ ᠳᠤ ᠬᠥᠮᠥᠰ ᠤᠨ ᠪᠠᠭ᠋ᠠᠷᠬᠠᠯ ᠢ ᠲᠠᠲᠠᠭᠰᠠᠨ ᠪᠠᠶᠢᠨ᠎ᠠ᠄ ᠤᠯᠠᠮᠵᠢᠯᠠᠯᠲᠤ ᠴᠠᠶᠢᠷᠳᠠᠭᠰᠠᠨ ᠬᠠᠪᠲᠠᠰᠤ ᠶᠢᠨ ᠮᠠᠲ᠋ᠧᠷᠢᠶᠠᠯ ᠬᠠᠳᠠᠭᠠᠯᠠᠬᠤ ᠰᠤᠪᠤᠷᠭ᠎ᠠ ᠶᠢᠨ ᠵᠤᠨ ᠤ ᠤᠯᠠᠷᠢᠯ ᠤᠨ ᠥᠨᠳᠥᠷ ᠳᠤᠯᠠᠭᠠᠨ᠂ ᠡᠪᠦᠯ ᠤᠨ ᠤᠯᠠᠷᠢᠯ ᠤᠨ ᠰᠢᠭᠦᠳᠡᠷᠢ᠂ ᠪᠠᠷᠢᠯᠭ᠎ᠠ ᠶᠢᠨ ᠠᠵᠢᠯ ᠤᠨ ᠶᠠᠪᠤᠴᠠ ᠳᠤ ᠴᠤᠭᠤᠯᠤᠭᠰᠠᠨ ᠬᠡᠰᠡᠭ ᠤᠨ ᠢᠳᠡᠭᠳᠡᠯ ᠠᠴᠠ ᠪᠣᠯᠵᠤ ᠠᠯᠬᠤᠮ ᠠᠯᠬᠤᠮ ᠢᠶᠠᠷ ᠵᠠᠬ᠎ᠠ ᠳᠡᠯᠭᠡᠭᠦᠷ ᠠᠴᠠ ᠤᠬᠤᠷᠢᠨ ᠭᠠᠷᠪᠠ᠃      3. ᠬᠥᠳᠡᠯᠭᠡᠬᠦ ᠰᠢᠰᠲ᠋ᠧᠮ      ᠬᠥᠳᠡᠯᠭᠡᠭᠦᠷ ᠴᠠᠬᠢᠯᠭᠠᠨ ᠮᠠᠰᠢᠨ᠂ PVC ᠣᠷᠢᠶᠠᠭᠤᠷ ᠲᠡᠪᠠᠬ᠂ ᠳᠠᠪᠬᠤᠷ ᠬᠠᠮᠠᠭᠠᠯᠠᠬᠤ ᠲᠥᠬᠦᠭᠡᠷᠦᠮᠵᠢ ᠪᠠᠷ ᠪᠦᠷᠢᠯᠳᠦᠵᠡᠢ᠃ ᠬᠠᠩᠭᠠᠭᠰᠠᠨ ᠮᠠᠲ᠋ᠧᠷᠢᠶᠠᠯ ᠤᠨ ᠵᠠᠢ ᠶᠢᠨ ᠤᠷᠳᠤ ᠣᠬᠤᠷ ᠢ ᠦᠨᠳᠦᠰᠦᠯᠡᠨ᠂ ᠴᠠᠬᠢᠯᠭᠠᠨ ᠮᠠᠰᠢᠨ ᠤ ᠴᠢᠳᠠᠯ ᠨᠢ 1P᠂1.5P᠂ 2P ᠭᠤᠷᠪᠠᠨ ᠵᠦᠢᠯ ︵IP ≈ 735 ᠸᠠᠲ︶ ᠪᠣᠯᠣᠨ᠎ᠠ᠃ ᠳᠠᠪᠬᠤᠷ ᠬᠠᠮᠠᠭᠠᠯᠠᠯᠲᠠ ᠶᠢᠨ ᠲᠣᠨᠣᠭᠯᠠᠯ ᠨᠢ ᠢᠵᠢ ᠪᠦᠷᠢᠨ ᠲᠣᠨᠣᠭᠯᠠᠯ ᠢ ᠬᠥᠳᠡᠯᠭᠡᠬᠦ ᠳᠤ ᠰᠠᠭᠠᠳ ᠤᠴᠠᠷᠠᠬᠤ ᠪᠤᠶᠤ ᠪᠤᠰᠤᠳ ᠪᠠᠶᠢᠴᠠᠭᠠᠯᠲᠠ ᠶᠢᠨ ᠭᠠᠳᠠᠨᠠᠬᠢ ᠪᠠᠶᠢᠳᠠᠯ ᠡᠭᠦᠰᠬᠦ ᠦᠶ᠎ᠡ ᠳᠤ ᠴᠠᠭ ᠲᠤᠬᠠᠢ ᠳᠤᠨᠢ ᠴᠠᠬᠢᠯᠭᠠᠨ ᠡᠭᠦᠰᠬᠡᠭᠴᠢ ᠶᠢ ᠲᠠᠰᠤᠯᠵᠤ᠂ ᠢᠵᠢ ᠪᠦᠷᠢᠨ ᠲᠥᠬᠦᠭᠡᠷᠦᠮᠵᠢ ᠶᠢ ᠪᠦᠲᠦᠮᠵᠢᠲᠡᠶ ᠬᠠᠮᠠᠭᠠᠯᠠᠵᠤ ᠴᠢᠳᠠᠨ᠎ᠠ᠃      4. ᠪᠣᠷᠳᠤᠭ᠎ᠠ ᠳᠠᠮᠵᠢᠭᠤᠯᠤᠨ ᠬᠦᠷᠭᠡᠬᠦ ᠰᠢᠰᠲ᠋ᠧᠮ      ᠲᠡᠵᠢᠭᠡᠯ ᠪᠣᠷᠳᠤᠭ᠎ᠠ ᠶᠢ ᠳᠠᠮᠵᠢᠭᠤᠯᠤᠨ ᠬᠦᠷᠭᠡᠬᠦ ᠰᠢᠰᠲ᠋ᠧᠮ ᠤᠨ ᠬᠡᠯᠪᠡᠷᠢ ᠳᠤ ᠮᠤᠰᠬᠢᠭᠤᠷ ᠬᠡᠯᠪᠡᠷᠢ ᠪᠠᠷ ᠳᠠᠮᠵᠢᠭᠤᠯᠤᠨ ᠬᠦᠷᠭᠡᠬᠦ ᠪᠠ ᠤᠷᠤᠯᠳᠤᠭᠠᠨ ᠤ ᠲᠠᠪᠠᠭ ᠢ ᠳᠠᠮᠵᠢᠭᠤᠯᠤᠨ ᠬᠦᠷᠭᠡᠬᠦ ᠭᠡᠵᠦ ᠬᠤᠶᠠᠷ ᠵᠦᠢᠯ ᠪᠠᠶᠢᠳᠠᠭ᠃ ᠮᠤᠰᠬᠢᠭᠤᠷ ᠬᠡᠯᠪᠡᠷᠢ ᠶᠢᠨ ᠳᠠᠮᠵᠢᠭᠤᠯᠬᠤ ᠬᠤᠷᠳᠤᠴᠠ ᠨᠢ ᠤᠳᠠᠭᠠᠨ᠂ ᠵᠠᠢ ᠨᠢ ᠣᠬᠤᠷ᠂ ᠬᠡᠷᠪᠡ ᠮᠤᠰᠬᠢᠭᠤᠷ  ᠨᠢ ᠲᠠᠰᠤᠷᠠᠪᠠᠯ ᠵᠥᠪᠬᠡᠨ ᠮᠤᠰᠬᠢᠭᠤᠷ ᠢ  ᠨᠢ ᠰᠤᠯᠢᠪᠠᠯ ᠪᠤᠯᠴᠢᠬᠠᠨ᠎ᠠ᠂ ᠭᠡᠪᠡᠴᠦ ᠰᠡᠯᠪᠢᠨ ᠵᠠᠰᠠᠬᠤ ᠥᠪᠡᠷ ᠤᠨ ᠦᠷᠳᠡᠭ  ᠨᠢ ᠥᠨᠳᠥᠷ ᠪᠣᠯᠪᠠᠴᠤ ᠦᠨ᠎ᠡ ᠨᠢ ᠳᠣᠣᠷ᠎ᠠ ᠪᠠᠶᠢᠳᠠᠭ︔ ᠤᠷᠤᠯᠳᠤᠭᠠᠨ ᠤ ᠲᠠᠪᠠᠭ ᠤᠨ ᠳᠠᠮᠵᠢᠭᠤᠯᠬᠤ ᠬᠤᠷᠳᠤᠴᠠ  ᠨᠢ ᠲᠦᠷᠭᠡᠨ᠂ ᠵᠠᠢ ᠨᠢ ᠤᠷᠳᠤ᠂ ᠰᠡᠯᠪᠢᠨ ᠵᠠᠰᠠᠬᠤ ᠳᠤ ᠳᠥᠭᠦᠮ ᠪᠠᠶᠢᠳᠠᠭ᠃ ᠤᠷᠤᠯᠳᠤᠭᠠᠨ ᠤ ᠲᠠᠪᠠᠭ ᠢ ᠪᠠᠰᠠ ᠭᠢᠨᠵᠢ ᠪᠠ ᠪᠣᠯᠣᠳ ᠳᠡᠭᠡᠰᠦ ᠭᠡᠵᠦ ᠬᠤᠶᠠᠷ ᠵᠦᠢᠯ ᠬᠤᠪᠢᠶᠠᠳᠠᠭ᠂ ᠭᠢᠨᠵᠢ ᠨᠢ ᠬᠦᠨᠳᠦ᠂ ᠠᠮᠠᠷᠬᠠᠨ ᠲᠠᠰᠤᠷᠠᠳᠠᠭ᠂ ᠪᠣᠯᠣᠳ ᠳᠡᠭᠡᠰᠦ ᠨᠢ ᠭᠢᠨᠵᠢ ᠶᠢᠨ ᠳᠡᠭᠡᠷᠡᠬᠢ ᠳᠤᠲᠠᠭᠳᠠᠯ ᠢ ᠢᠯᠠᠨ ᠳᠠᠪᠠᠵᠤ᠂ ᠥᠷᠭᠡᠨ ᠢᠶᠠᠷ ᠬᠡᠷᠡᠭᠯᠡᠭᠳᠡᠵᠡᠢ᠃      5. ᠮᠠᠲ᠋ᠧᠷᠢᠶᠠᠯ ᠪᠠᠭᠤᠯᠭᠠᠬᠤ ᠲᠥᠬᠦᠭᠡᠷᠦᠮᠵᠢ      ᠪᠦᠷᠢᠯᠳᠦᠭᠦᠨ᠄ ᠮᠠᠲ᠋ᠧᠷᠢᠶᠠᠯ ᠪᠠᠭᠤᠯᠭᠠᠬᠤ ᠴᠣᠭᠴᠠ᠂ ᠨᠡᠭᠡᠯᠡᠭᠡᠢ ᠶᠢᠨ ᠬᠠᠶᠢᠷᠴᠠᠭ᠂ ᠮᠠᠲ᠋ᠧᠷᠢᠶᠠᠯ ᠲᠠᠯᠪᠢᠬᠤ ᠪᠥᠮᠪᠦᠭᠡ᠂ ᠬᠦᠨᠳᠦ ᠶᠢ ᠲᠣᠬᠢᠷᠠᠭᠤᠯᠬᠤ᠂ ᠮᠠᠲ᠋ᠧᠷᠢᠶᠠᠯ ᠪᠠᠭᠤᠯᠭᠠᠬᠤ ᠬᠤᠭᠤᠯᠠᠢ ᠵᠡᠷᠭᠡ ᠪᠠᠷ ᠪᠦᠷᠢᠯᠳᠦᠨ᠎ᠡ᠃ ᠠᠳᠠᠯᠢ ᠪᠤᠰᠤ ᠲᠡᠵᠢᠭᠡᠪᠦᠷᠢ ᠭᠠᠭ᠋ᠠᠢ ᠶᠢᠨ ᠡᠭᠦᠯᠳᠡᠷ ᠢ ᠦᠨᠳᠦᠰᠦᠯᠡᠪᠡᠯ᠂ ᠮᠠᠲ᠋ᠧᠷᠢᠶᠠᠯ ᠪᠠᠭᠤᠯᠭᠠᠬᠤ ᠰᠠᠪᠠ ᠶᠢᠨ ᠰᠣᠩᠭᠤᠯᠲᠠ  ᠨᠢ ᠴᠦ ᠠᠳᠠᠯᠢ ᠪᠤᠰᠤ ᠪᠠᠶᠢᠳᠠᠭ᠂ ᠮᠠᠲ᠋ᠧᠷᠢᠶᠠᠯ ᠪᠠᠭᠤᠯᠭᠠᠬᠤ ᠰᠠᠪᠠ ᠶᠢ ᠪᠦᠬᠦᠨ ᠢ ᠬᠠᠮᠲᠤ ᠳᠤᠨᠢ ᠬᠤᠷᠢᠶᠠᠵᠤ ᠪᠣᠯᠬᠤ ᠮᠥᠷᠲᠡᠭᠡᠨ ᠪᠠᠰᠠ ᠵᠠᠷᠢᠮ ᠬᠡᠳᠦᠨ ᠮᠠᠲ᠋ᠧᠷᠢᠶᠠᠯ ᠪᠠᠭᠤᠯᠭᠠᠬᠤ ᠰᠠᠪᠠ ᠶᠢ ᠬᠠᠭᠠᠵᠤ ᠪᠣᠯᠣᠨ᠎ᠠ᠂ ᠬᠠᠷᠢᠨ ᠪᠤᠰᠤᠳ ᠮᠠᠲ᠋ᠧᠷᠢᠶᠠᠯ ᠪᠠᠭᠤᠯᠭᠠᠬᠤ ᠰᠠᠪᠠ ᠶᠢ ᠨᠥᠯᠥᠭᠡᠯᠡᠬᠦ ᠦᠭᠡᠢ ᠪᠠᠶᠢᠳᠠᠭ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号