ᠥᠪᠥᠷ ᠮᠣᠩᠭᠤᠯ ᠤᠨ ᠵᠡᠭᠦᠨ ᠬᠤᠶᠢᠲᠤ ᠶᠢᠨ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠮᠡᠷᠭᠡᠵᠢᠯ ᠤᠨ ᠵᠠᠭᠪᠤᠷ ︵ᠭᠤᠷᠪᠠ︶
ᠨᠡᠶᠢᠲᠡᠯᠡᠭᠰᠡᠨ ᠴᠠᠭ᠄
2024/6/16
      ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠢ ᠵᠢᠴᠢ ᠲᠣᠰ ᠣᠷᠣᠨ ᠪᠦᠰᠡ ᠶᠢᠨ ᠠᠮᠢ ᠠᠬᠤᠢ ᠶᠢᠨ ᠨᠥᠬᠦᠴᠡᠯ ᠲᠠᠢ ᠠᠳᠠᠯᠢᠪᠲᠤᠷ ᠠᠭᠤᠯᠠᠨ ᠳᠣᠪᠣᠴᠠᠭ ᠤᠨ ᠬᠤᠭᠤᠷᠣᠨᠳᠣᠬᠢ ᠬᠤᠲᠣᠭᠤᠷ ᠭᠠᠵᠠᠷ ᠪᠠ ᠨᠠᠮ ᠳᠣᠣᠷ᠎ᠠ ᠤᠰᠤᠲᠤᠳᠠᠭ ᠭᠠᠵᠠᠷ ᠤᠨ ᠬᠥᠷᠥᠰᠥᠨ ᠤ ᠳᠠᠪᠬᠤᠷᠭ᠎ᠠ ᠨᠢ ᠭᠦᠨ ᠵᠤᠵᠠᠭᠠᠨ ᠪᠣᠯᠪᠠᠴᠤ ᠬᠥᠷᠥᠰᠥ ᠨᠢ ᠬᠠᠲᠠᠭᠤ᠂ ᠶᠠᠰᠤ ᠴᠢᠨᠠᠷ ᠨᠢ ᠨᠢᠯᠴᠠᠭᠠᠶ ᠬᠦᠨᠳᠦ᠂ ᠨᠡᠪᠲᠡᠷᠡᠬᠦ ᠴᠢᠨᠠᠷ ᠢᠶᠠᠷ ᠠᠨᠠᠢ᠂ ᠤᠰᠤᠲᠤᠬᠤ ᠭᠠᠩᠳᠠᠬᠤ ᠳᠤ ᠬᠢᠯᠪᠠᠷ᠂ ᠳᠣᠣᠷ᠎ᠠ ᠳᠤᠯᠠᠭᠠᠨ ᠬᠦᠢᠲᠡᠨ ᠰᠡᠷᠢᠭᠦᠨ ᠵᠡᠷᠭᠡ ᠠᠰᠠᠭᠤᠳᠠᠯ ᠳᠤ ᠴᠢᠭᠯᠡᠭᠦᠯᠦᠨ᠂ ᠨᠠᠮ ᠳᠣᠣᠷ᠎ᠠ ᠤᠰᠤᠲᠤᠳᠠᠭ ᠭᠠᠵᠠᠷ ᠤᠨ ᠡᠷᠳᠡᠨᠢ ᠰᠢᠰᠢ ᠶᠢ ᠵᠠᠯᠭᠠᠭ᠎ᠠ ᠪᠠᠷ ᠲᠠᠷᠢᠵᠤ ᠡᠰᠢ ᠰᠦᠷᠡᠯ ᠢ ᠭᠦᠨ ᠬᠤᠯᠢᠯᠳᠤᠭᠤᠯᠤᠨ ᠲᠠᠷᠢᠶᠠᠨ ᠭᠠᠵᠠᠷ ᠲᠤ ᠪᠤᠴᠠᠭᠠᠬᠤ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠲᠠᠨᠢᠯᠴᠠᠭᠤᠯᠤᠨ᠎ᠠ᠃      ᠭᠤᠣᠯ ᠦᠨᠳᠦᠰᠦᠯᠡᠯ ᠨᠢ᠄ ᠬᠤᠲᠣᠭᠤᠷ ᠭᠠᠵᠠᠷ ᠤᠨ ᠳᠡᠭᠡᠳᠦ ᠬᠡᠰᠡᠭ ᠤᠨ ᠳᠣᠪᠣᠷᠬᠠᠭ ᠤᠨ ᠣᠷᠣᠢ ᠳᠤ ᠤᠰᠤ ᠲᠤᠰᠬᠤ ᠰᠤᠪᠠᠭ᠂ ᠤᠰᠤ ᠵᠠᠯᠠᠬᠤ ᠰᠤᠪᠠᠭ ᠮᠠᠯᠲᠠᠭᠰᠠᠨ ᠰᠠᠭᠤᠷᠢᠨ ᠳᠡᠭᠡᠷ᠎ᠡ᠂ ᠡᠷᠳᠡᠨᠢ ᠰᠢᠰᠢ ᠶᠢᠨ ᠡᠰᠢ ᠰᠦᠷᠡᠯ ᠢ ᠪᠥᠬᠦ ᠬᠡᠮᠵᠢᠶ᠎ᠡ ᠪᠠᠷ ᠲᠠᠷᠢᠶᠠᠨ ᠭᠠᠵᠠᠷ ᠲᠤ ᠪᠤᠴᠠᠭᠠᠬᠤ ᠪᠠ ᠭᠦᠨ ᠤᠷᠪᠠᠭᠤᠯᠵᠤ ᠭᠦᠨ ᠬᠤᠯᠢᠯᠳᠤᠭᠤᠯᠤᠨ ᠭᠠᠵᠠᠷ ᠲᠡᠭᠰᠢᠯᠡᠬᠦ ᠮᠡᠷᠭᠡᠵᠢᠯ ᠢ ᠢᠵᠢ ᠪᠦᠷᠢᠳᠦᠭᠦᠯᠦᠨ ᠬᠡᠷᠡᠭᠵᠢᠭᠦᠯᠵᠦ᠂ ᠠᠨᠵᠢᠰᠤ ᠪᠠᠷ ᠭᠦᠨ ᠬᠠᠭᠠᠯᠪᠤᠷᠢᠯᠠᠵᠦ᠂ ᠬᠥᠷᠥᠰᠥᠨ ᠤ ᠣᠷᠭᠠᠨᠢᠭ ᠪᠣᠳᠠᠰ ᠤᠨ ᠠᠭᠤᠯᠤᠭᠳᠠᠴᠠ ᠶᠢ ᠳᠡᠭᠡᠭᠰᠢᠯᠡᠭᠦᠯᠵᠦ᠂ ᠭᠦᠨ ᠵᠤᠵᠠᠭᠠᠨ ᠥᠩ ᠰᠢᠮᠡᠯᠢᠭ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠰᠢᠷᠣᠢ ᠶᠢ ᠡᠭᠦᠳᠦᠨ ᠪᠠᠶᠢᠭᠤᠯᠵᠤ᠂ ᠬᠥᠷᠥᠰᠥᠨ ᠤ ᠨᠡᠪᠲᠡᠷᠡᠬᠦ ᠴᠢᠳᠠᠮᠵᠢ ᠪᠠ ᠳᠤᠯᠠᠭᠠᠨ ᠢ ᠨᠡᠮᠡᠭᠳᠡᠭᠦᠯᠦᠨ ᠤᠰᠤ ᠶᠢ ᠬᠠᠳᠠᠭᠠᠯᠠᠬᠤ ᠴᠢᠬᠢᠭ ᠢ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠦᠨ᠂ ᠲᠠᠷᠢᠮᠠᠯ ᠤᠨ ᠤᠷᠭᠤᠯᠲᠠ ᠳᠤ ᠰᠠᠶᠢᠨ ᠰᠠᠶᠢᠬᠠᠨ ᠬᠥᠷᠥᠰᠥ ᠰᠢᠷᠣᠢ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ ᠲᠣᠰ ᠵᠠᠭᠪᠤᠷ  ᠨᠢ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠨᠡᠮᠡᠭᠳᠡᠭᠦᠯᠦᠨ᠂ ᠬᠥᠷᠥᠰᠥ ᠰᠢᠷᠣᠢ ᠶᠢᠨ ᠨᠡᠪᠲᠡᠷᠡᠬᠦ ᠴᠢᠨᠠᠷ ᠪᠠ ᠤᠰᠤ ᠬᠠᠳᠠᠭᠠᠯᠠᠬᠤ ᠴᠢᠳᠠᠪᠤᠷᠢ ᠶᠢ ᠨᠡᠮᠡᠭᠳᠡᠭᠦᠯᠵᠦ᠂ ᠭᠠᠵᠠᠷ ᠤᠨ ᠭᠠᠳᠠᠷᠭᠤ ᠶᠢᠨ ᠤᠷᠤᠰᠬᠠᠯ ᠤᠨ ᠬᠡᠮᠵᠢᠶ᠎ᠡ ᠶᠢ ᠪᠠᠭᠠᠰᠬᠠᠨ᠂ ᠬᠥᠷᠥᠰᠥ ᠰᠢᠷᠣᠢ ᠶᠢᠨ ᠢᠳᠡᠭᠳᠡᠯ ᠢ ᠬᠤᠷᠢᠭᠯᠠᠵᠤ ᠴᠢᠳᠠᠨ᠎ᠠ᠃ ᠲᠣᠰ ᠮᠡᠷᠭᠡᠵᠢᠯ ᠤᠨ ᠵᠠᠭᠪᠤᠷ ᠢ ᠨᠢᠭᠡᠨᠲᠡ ᠵᠠᠯᠠᠨ ᠠᠶᠢᠯ ᠬᠤᠲᠠ᠂ ᠠᠷᠤᠨ ᠬᠤᠰᠢᠭᠤ᠂ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠵᠡᠷᠭᠡ ᠭᠠᠵᠠᠷ ᠣᠷᠣᠨ ᠳᠤ ᠳᠡᠯᠭᠡᠷᠡᠭᠦᠯᠦᠨ ᠵᠢᠱᠢᠶ᠎ᠡ ᠦᠵᠡᠭᠦᠯᠪᠡ᠃      ᠮᠡᠷᠭᠡᠵᠢᠯ ᠤᠨ ᠭᠤᠣᠯᠳᠠᠯᠭ᠎ᠠ᠄ ᠬᠤᠲᠣᠭᠤᠷ ᠭᠠᠵᠠᠷ ᠤᠨ ᠳᠡᠭᠡᠳᠦ ᠬᠡᠰᠡᠭ ᠤᠨ ᠳᠣᠪᠣᠷᠬᠠᠭ ᠤᠨ ᠣᠷᠣᠢ ᠳᠤ ᠤᠰᠤ ᠲᠤᠰᠬᠤ ᠰᠤᠪᠠᠭ᠂ ᠤᠰᠤ ᠵᠠᠯᠠᠬᠤ ᠰᠤᠪᠠᠭ ᠮᠠᠯᠲᠠᠭᠰᠠᠨ ᠰᠠᠭᠤᠷᠢᠨ ᠳᠡᠭᠡᠷ᠎ᠡ᠂ ᠨᠢᠭᠡᠳᠦᠭᠡᠷ ᠵᠢᠯ ᠳᠤ ᠡᠷᠳᠡᠨᠢ ᠰᠢᠰᠢ ᠶᠢᠨ ᠡᠰᠢ ᠰᠦᠷᠡᠯ ᠢ ᠬᠡᠮᠬᠡᠯᠦᠨ ᠭᠦᠨ ᠤᠷᠪᠠᠭᠤᠯᠵᠤ ᠭᠦᠨ ᠬᠤᠯᠢᠯᠳᠤᠭᠤᠯᠤᠨ ᠲᠠᠷᠢᠶᠠᠨ ᠭᠠᠵᠠᠷ ᠲᠤ ᠪᠤᠴᠠᠭᠠᠬᠤ ᠮᠡᠷᠭᠡᠵᠢᠯ ᠢ ᠬᠡᠷᠡᠭᠵᠢᠭᠦᠯᠵᠦ᠂ ᠬᠤᠷᠢᠶᠠᠯᠲᠠ ᠶᠢᠨ ᠬᠠᠮ ᠮᠠᠰᠢᠨ ᠢᠶᠠᠷ ᠡᠰᠢ ᠰᠦᠷᠡᠯ ᠢ ᠬᠤᠷᠢᠶᠠᠬᠤ ᠶᠢᠨ ᠳᠠᠭᠠᠤ ᠬᠡᠮᠬᠡᠯᠵᠦ᠂ ᠡᠰᠢ ᠰᠦᠷᠡᠯ ᠢ ᠲᠠᠷᠢᠶᠠᠨ ᠳᠤ ᠪᠤᠴᠠᠭᠠᠬᠤ ᠮᠠᠰᠢᠨ ᠢᠶᠠᠷ ᠬᠤᠶᠠᠷ ᠤᠳᠠᠭ᠎ᠠ ᠬᠡᠮᠬᠡᠯᠦᠭᠡᠳ 5cm ᠠᠴᠠ ᠳᠣᠷᠣᠭᠰᠢ ᠪᠣᠯᠭᠠᠵᠤ᠂ ᠭᠠᠵᠠᠷ ᠤᠨ ᠬᠦᠷᠦᠰᠦᠨ ᠳᠡᠭᠡᠷ᠎ᠡ ᠵᠢᠭᠳᠡ ᠰᠠᠴᠤᠵᠤ᠂ ᠭᠦᠨ ᠤᠷᠪᠠᠭᠤᠯᠬᠤ ᠠᠴᠠ ᠡᠮᠦᠨ᠎ᠡ᠂ ᠮᠦ ᠪᠦᠷᠢ ᠳᠤ 2~3kg  ᠶᠢᠨ ᠢᠯᠵᠢᠷᠠᠭᠦᠯᠬᠦ ᠡᠮ ᠪᠠ  ᠮᠦ ᠪᠦᠷᠢ ᠳᠤ 5~8kg ᠶᠢᠨ ᠰᠢᠭᠡᠰᠦᠯᠢᠭ ᠡᠳ᠋ ᠢ ᠡᠰᠢ ᠰᠦᠷᠡᠯ ᠳᠤ ᠵᠢᠭᠳᠡ ᠰᠠᠴᠤᠵᠤ᠂ ᠡᠰᠢ ᠰᠦᠷᠡᠯ ᠤᠨC/N ᠤ ᠬᠠᠷᠢᠴᠠᠯ ᠢ 20~25:1 ᠪᠣᠯᠭᠠᠨ ᠲᠣᠬᠢᠷᠠᠭᠤᠯᠵᠤ᠂ ᠭᠦᠨ ᠤᠷᠪᠠᠭᠤᠯᠤᠭᠰᠠᠨ ᠤ ᠳᠠᠷᠠᠭ᠎ᠠ ᠴᠠᠭ ᠲᠤᠬᠠᠢ ᠳᠤᠨᠢ ᠲᠠᠷᠢᠶ᠎ᠠ ᠶᠢ ᠨᠢ ᠲᠡᠭᠰᠢᠯᠡᠵᠦ᠂ ᠰᠢᠷᠤᠢ ᠶᠢᠨ ᠬᠡᠰᠡᠭ ᠢ ᠬᠡᠮᠬᠡᠯᠵᠦ᠂ ᠬᠥᠷᠥᠰᠥ ᠰᠢᠷᠣᠢ ᠪᠣᠯᠣᠨ ᠡᠰᠢ ᠰᠦᠷᠡᠯ ᠢ ᠭᠦᠢᠴᠡᠳ ᠬᠤᠯᠢᠵᠤ᠂ ᠳᠠᠯᠠᠩᠳᠠᠵᠤ ᠳᠠᠷᠤᠰᠢᠭᠤᠯᠤᠨ ᠳᠠᠷᠢᠬᠤ ᠳᠤ ᠪᠡᠯᠡᠨ ᠪᠤᠯᠭᠠᠨ᠎ᠠ︔ ᠬᠤᠶᠠᠳᠤᠭᠠᠷ ᠵᠢᠯ ᠳᠤᠨᠢ ᠡᠷᠳᠡᠨᠢ ᠰᠢᠰᠢ ᠶᠢᠨ ᠡᠰᠢ ᠰᠦᠷᠡᠯ ᠢ ᠡᠷᠭᠢᠯᠳᠦᠭᠦᠯᠦᠨ ᠬᠠᠭᠠᠯᠪᠤᠷᠢᠯᠠᠨ ᠬᠤᠯᠢᠯᠳᠠᠭᠤᠯᠵᠤ ᠭᠦᠨ ᠰᠤᠯᠠᠷᠠᠭᠤᠯᠤᠨ ᠲᠠᠷᠢᠶᠠᠨ ᠭᠠᠵᠠᠷ ᠲᠤ ᠪᠣᠴᠠᠭᠠᠬᠤ ᠮᠡᠷᠭᠡᠵᠢᠯ ᠢ ᠬᠡᠷᠡᠭᠵᠢᠭᠦᠯᠵᠦ᠂ ᠬᠥᠳᠡᠯᠭᠡᠬᠦ ᠬᠦᠴᠦᠨ ᠢ ᠦᠨᠳᠦᠰᠦᠯᠡᠨ ᠢᠵᠢ ᠪᠦᠷᠢᠳᠦᠭᠦᠯᠦᠭᠰᠡᠨ ᠡᠰᠢ ᠰᠦᠷᠡᠯ ᠢ ᠬᠡᠮᠬᠡᠯᠦᠨ ᠬᠤᠯᠢᠵᠤ ᠭᠠᠵᠠᠷ ᠲᠡᠭᠰᠢᠯᠡᠬᠦ ᠬᠠᠮ ᠮᠠᠰᠢᠨ ᠪᠠᠭᠠᠵᠢ ᠶᠢ ᠰᠣᠩᠭᠤᠨ ᠬᠡᠷᠡᠭᠯᠡᠵᠦ᠂ ᠬᠡᠮᠬᠡᠯᠦᠭᠰᠡᠨ ᠡᠰᠢ ᠰᠦᠷᠡᠯ ᠪᠠ ᠦᠨᠳᠦᠰᠦ ᠶᠢᠨ ᠭᠤᠤᠷᠰᠤ ᠶᠢᠨ ᠣᠷᠳᠣ ᠨᠢ ᠪᠠᠷᠤᠭ 5cm ᠪᠠᠶᠢᠵᠤ᠂ ᠬᠡᠮᠬᠡᠯᠦᠭᠰᠡᠨ ᠤ ᠳᠠᠷᠠᠭ᠎ᠠ ᠭᠠᠵᠠᠷ ᠤᠨ ᠬᠦᠷᠦᠰᠦᠨ ᠳᠤ ᠵᠢᠭᠳᠡ ᠰᠠᠴᠤᠵᠤ᠂ ᠬᠤᠣᠰ ᠲᠡᠩᠭᠡᠯᠢᠭᠲᠦ ᠭᠤᠤᠷᠰᠤ ᠤᠰᠠᠳᠬᠠᠬᠤ ᠡᠷᠭᠢᠯᠳᠦᠭᠦᠯᠦᠨ ᠬᠠᠭᠠᠯᠪᠤᠷᠢᠯᠠᠬᠤ ᠮᠠᠰᠢᠨ ᠢᠶᠠᠷ ᠭᠠᠵᠠᠷ ᠲᠡᠭᠰᠢᠯᠡᠨ ᠠᠵᠢᠯᠯᠠᠭᠤᠯᠵᠤ᠂ ᠬᠡᠮᠬᠡᠯᠦᠭᠰᠡᠨ ᠡᠰᠢ ᠰᠦᠷᠡᠯ᠂ ᠦᠨᠳᠦᠰᠦ ᠶᠢᠨ ᠭᠤᠤᠷᠰᠤ ᠶᠢ ᠲᠠᠷᠢᠶᠠᠨ ᠳᠠᠪᠬᠤᠷᠭ᠎ᠠ ᠳᠤ ᠬᠤᠯᠢᠨ ᠣᠷᠤᠭᠤᠯᠵᠤ᠂ ᠭᠦᠨ ᠰᠤᠯᠠᠷᠠᠭᠤᠯᠬᠤ ᠬᠡᠮᠵᠢᠶ᠎ᠡ ᠨᠢ 35~40cm ︵ᠠᠨᠵᠢᠰᠤ ᠪᠠᠷ ᠭᠦᠨ ᠬᠠᠭᠠᠯᠪᠤᠷᠢᠯᠠᠪᠠᠯ  ᠵᠣᠬᠢᠰᠲᠠᠢ︶᠂ ᠭᠤᠤᠷᠰᠤ ᠤᠰᠠᠳᠬᠠᠬᠤ ᠡᠷᠭᠢᠯᠳᠦᠭᠦᠯᠦᠨ ᠬᠠᠭᠠᠯᠪᠤᠷᠢᠯᠠᠬᠤ ᠮᠠᠰᠢᠨ ᠤ ᠠᠷᠤ ᠳᠤ ᠰᠢᠭᠤᠳ ᠠᠨᠵᠢᠰᠤᠨ ᠬᠤᠰᠢᠭᠤ ᠪᠠ ᠬᠥᠨᠳᠡᠯᠡᠨ ᠮᠣᠳᠣ ᠶᠢ ᠳᠠᠭᠠᠭᠤᠯᠵᠤ᠂ ᠨᠢᠭᠡ ᠯᠡ ᠤᠳᠠᠭ᠎ᠠ ᠳᠤ ᠭᠤᠤᠷᠰᠤ ᠤᠰᠠᠳᠬᠠᠬᠤ᠂ ᠭᠠᠵᠠᠷ ᠲᠡᠭᠰᠢᠯᠡᠬᠦ᠂ ᠳᠠᠯᠠᠩᠳᠠᠬᠤ᠂ ᠲᠠᠪᠴᠠᠩᠳᠠᠬᠤ ᠵᠡᠷᠭᠡ ᠮᠠᠰᠢᠨ ᠤ ᠠᠵᠢᠯ ᠢ ᠬᠢᠵᠦ ᠳᠠᠭᠤᠰᠬᠠᠨ᠎ᠠ︔ ᠭᠤᠷᠪᠠᠳᠤᠭᠠᠷ ᠵᠢᠯ ᠨᠢ ᠨᠢᠭᠡᠳᠦᠭᠡᠷ ᠵᠢᠯ ᠲᠠᠢ ᠠᠳᠠᠯᠢ ᠲᠠᠷᠢᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号