ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ 2024 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠳᠥᠷᠪᠡᠨ ᠠᠵᠢᠯᠯᠠᠭ᠎ᠠ︾ ᠶᠢ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/17
      ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠣᠨᠴᠠᠯᠢᠭᠲᠤ ᠠᠵᠤ ᠦᠢᠯᠡᠰ ᠤᠨ ᠳᠡᠭᠡᠭᠰᠢᠯᠡᠯᠲᠡ᠂ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ᠂ ᠬᠡᠷᠡᠭᠯᠡᠭᠡ ᠪᠠᠷ ᠲᠠᠷᠢᠶᠠᠯᠠᠩ ᠢ ᠬᠠᠪᠰᠤᠷᠤᠨ ᠲᠡᠳᠬᠦᠵᠦ ᠣᠷᠣᠯᠭ᠎ᠠ ᠶᠢ ᠨᠢ ᠨᠡᠮᠡᠭᠳᠡᠭᠦᠯᠬᠦ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠳᠡᠭᠡᠭᠰᠢᠯᠡᠭᠦᠯᠬᠦ ︽ᠳᠥᠷᠪᠡᠨ ᠠᠵᠢᠯᠯᠠᠭ᠎ᠠ︾ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠳᠥᠷᠪᠡᠨ ᠠᠵᠢᠯᠯᠠᠭ᠎ᠠ︾ ᠶᠢ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠪᠡᠭᠡᠵᠢᠩ ᠬᠤᠲᠠ ᠶᠢᠨ ᠳᠣᠯᠣᠳᠤᠭᠠᠷ ᠪᠦᠯᠦᠭ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠥᠪᠥᠷ ᠮᠣᠩᠭᠤᠯ ᠤᠨ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷ ᠤᠨ ᠪᠦᠯᠬᠦᠮ ᠤᠨ ᠳᠠᠭᠠᠭᠤᠯᠤᠭᠴᠢ ᠭᠧ ᠵᠢᠶᠦ᠋ᠨ ᠺᠠᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠢ ᠱᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
1.jpg
       ᠬᠤᠷᠠᠯ ᠠᠴᠠ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠨ ᠬᠢᠨ ︽ᠳᠥᠷᠪᠡᠨ ᠠᠵᠢᠯᠯᠠᠭ᠎ᠠ︾ ᠶᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠣᠨ ᠤ ᠭᠤᠣᠯᠳᠠᠯᠭ᠎ᠠ ᠲᠠᠢ ᠠᠵᠢᠯ ᠪᠣᠯᠭᠠᠵᠤ᠂ ᠠᠵᠢᠯ ᠤᠨ ᠣᠶᠤᠨ ᠴᠢᠳᠠᠯ᠂ ᠡᠬᠢ ᠪᠠᠶᠠᠯᠢᠭ ᠤᠨ ᠡᠯᠧᠮᠧᠨ᠋ᠲ ᠢ ︽ᠳᠥᠷᠪᠡᠨ ᠠᠵᠢᠯᠯᠠᠭ᠎ᠠ︾ ᠲᠡᠶᠢᠰᠢ ᠬᠡᠯᠪᠡᠶᠢᠯᠭᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ ᠬᠤᠲᠠ ᠶᠢᠨ ᠬᠤᠯᠪᠣᠭᠳᠠᠯ ᠪᠦᠬᠦᠢ ᠬᠠᠪᠰᠤᠷᠤᠯᠴᠠᠭ᠎ᠠ ᠪᠠᠶᠢᠭᠤᠯᠬᠤ ᠲᠣᠭᠤᠷᠢᠭ ᠲᠠᠢ ᠬᠠᠮᠲᠤᠷᠠᠨ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠳᠥᠷᠪᠡᠨ ᠠᠵᠢᠯᠯᠠᠭ᠎ᠠ︾ ᠪᠠᠷ ᠭᠠᠷᠳᠠᠴᠠ ᠪᠣᠯᠭᠠᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠪᠡ᠃
2.jpg
       ᠬᠤᠷᠠᠯ ᠠᠴᠠ ᠱᠠᠭᠠᠷᠳᠠᠭᠰᠠᠨ ᠨᠢ᠂ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠬᠡᠷᠡᠭᠵᠢᠭᠦᠯᠦᠯᠲᠡ ᠶᠢ ᠬᠦᠴᠦᠯᠡᠨ ᠠᠬᠢᠭᠤᠯᠵᠤ᠂ ᠲᠦᠷᠦᠯ ᠵᠦᠢᠯ ᠤᠨ ᠬᠡᠷᠡᠭᠵᠢᠭᠦᠯᠦᠯᠲᠡ ᠪᠠ ᠪᠡᠯᠡ ᠮᠥᠩᠭᠦ ᠶᠢ ᠰᠢᠯᠵᠢᠭᠦᠯᠦᠨ ᠥᠭᠬᠦ ᠶᠢ ᠲᠦᠷᠭᠡᠳᠬᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠠᠭᠤᠷᠢᠰᠢᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠤᠬᠠᠭᠤᠯᠤᠨ ᠮᠡᠳᠡᠭᠡᠯᠡᠬᠦ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠵᠦ᠂ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠤᠰᠢᠶᠠᠯ ᠡᠭᠦᠷᠭᠡᠯᠡᠬᠦ ᠺᠠᠳ᠋ᠷ ᠤᠨ ᠬᠠᠮᠢᠶᠠᠷᠤᠯᠲᠠ ᠶᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠣᠷᠣᠨ ᠪᠦᠰᠡ ᠶᠢᠨ ᠬᠠᠮᠵᠢᠯᠴᠠᠭᠠᠨ ᠤ ᠬᠡᠪ ᠳᠠᠭᠤᠷᠢᠶᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠪᠡ᠃      ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠣᠷᠣᠨ ᠪᠦᠰᠡ ᠶᠢᠨ ᠬᠠᠮᠵᠢᠯᠴᠠᠭ᠎ᠠ ᠶᠢ ᠠᠬᠢᠭᠤᠯᠬᠤ ᠭᠠᠵᠠᠷ ᠤᠨ ᠬᠠᠷᠢᠭᠤᠴᠠᠯᠭᠠᠲᠠᠨ ᠨᠥᠬᠦᠳ︔ ᠬᠥᠬᠡᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠲᠠ ᠶᠢᠨ ᠵᠠᠬᠢᠷᠭ᠎ᠠ ︵ᠵᠠᠰᠠᠭ ᠤᠨ ᠣᠷᠳᠣᠨ︶ ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ᠂ ᠬᠤᠪᠢᠳᠠᠨ ᠬᠠᠮᠢᠶᠠᠷᠴᠤ ᠪᠦᠬᠦᠢ ᠳᠡᠳ᠋ ᠲᠣᠪᠴᠢᠶᠠᠨ ᠳᠠᠷᠤᠭ᠎ᠠ ᠵᠢᠴᠢ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠮᠢᠶ᠎ᠠ ᠪᠦᠬᠦᠢ ᠬᠥᠮᠥᠰ ᠬᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号