ᠠᠯᠠᠱᠠ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠷᠲᠤ ᠪᠤᠷᠴᠠᠭ ᠤᠨ ᠲᠠᠷᠢᠶᠠᠨ ᠡᠮ ᠤᠨ ᠦᠯᠡᠳᠡᠭᠳᠡᠯ ᠤᠨ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/6/17
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠲᠥᠯᠥᠪᠯᠡᠭᠡ︾ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠤᠷᠲᠤ ᠪᠤᠷᠴᠠᠭ ᠤᠨ ᠦᠢᠯᠡᠳᠪᠦᠷᠢᠯᠡᠯ ᠳᠤ ᠬᠡᠷᠡᠭᠯᠡᠬᠦ ᠴᠠᠭᠠᠵᠠᠯᠠᠭᠰᠠᠨ ᠡᠮ ᠵᠢᠴᠢ ᠲᠠᠷᠢᠶᠠᠨ ᠡᠮ ᠤᠨ ᠪᠠᠷᠢᠮᠵᠢᠶ᠎ᠠ ᠠᠴᠠ ᠬᠡᠲᠦᠷᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ 6 ᠰᠠᠷ᠎ᠠ ᠶᠢᠨ 11 ᠤ ᠡᠳᠦᠷ᠂ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠯᠠᠱᠠ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠢ ᠵᠣᠬᠢᠶᠠᠨ ᠪᠠᠶᠢᠭᠤᠯᠵᠤ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠳᠤ ᠬᠦᠷᠴᠦ ᠤᠷᠲᠤ ᠪᠤᠷᠴᠠᠭ ᠤᠨ ᠲᠠᠷᠢᠶᠠᠨ ᠡᠮ ᠤᠨ ᠦᠯᠡᠳᠡᠭᠳᠡᠯ ᠤᠨ ᠲᠤᠰᠬᠠᠢ ᠪᠠᠶᠢᠴᠠᠭᠠᠯᠲᠠ ᠥᠷᠨᠢᠭᠦᠯᠪᠡ᠃      ᠵᠠᠬ᠎ᠠ ᠳᠡᠯᠭᠡᠭᠦᠷ ᠲᠤ ᠭᠠᠷᠤᠭᠰᠠᠨ ᠤᠷᠳᠤ ᠪᠤᠷᠴᠠᠭ ᠤᠨ ᠶᠠᠰᠤ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ᠲᠤᠰ ᠤᠳᠠᠭ᠎ᠠ ᠶᠢᠨ ᠤᠷᠳᠤ ᠪᠤᠷᠴᠠᠭ ᠤᠨ ᠲᠠᠷᠢᠶᠠᠨ ᠡᠮ ᠤᠨ ᠦᠯᠡᠳᠡᠭᠳᠡᠯ ᠤᠨ ᠲᠤᠰᠬᠠᠢ ᠪᠠᠶᠢᠴᠠᠭᠠᠯᠲᠠ ᠳᠤ ᠶᠠᠭ ᠪᠣᠷᠣᠯᠠᠭᠤᠯᠵᠤ ᠪᠠᠶᠢᠭ᠎ᠠ ᠤᠷᠳᠤ ᠪᠤᠷᠴᠠᠭ ᠤᠨ ᠪᠦᠲᠦᠭᠡᠭᠳᠡᠬᠦᠨ ᠳᠤ ᠬᠢᠨᠠᠯᠲᠠ ᠲᠠᠯᠪᠢᠵᠤ ᠦᠯᠢᠭᠡᠷ ᠠᠪᠬᠤ ᠠᠵᠢᠯ ᠬᠢᠵᠦ᠂ ᠲᠤᠬᠠᠢ ᠶᠢᠨ ᠲᠠᠯᠠᠪᠤᠷ ᠲᠤ ᠲᠠᠷᠢᠵᠤ ᠪᠠᠶᠢᠭ᠎ᠠ ᠡᠷᠦᠬᠡ ᠶᠢᠨ ᠲᠠᠷᠢᠶᠠᠨ ᠡᠮ ᠤᠨ ᠬᠡᠷᠡᠭᠯᠡᠯᠲᠡ᠂ ᠤᠷᠳᠤ ᠪᠤᠷᠴᠠᠭ ᠲᠠᠷᠢᠵᠤ ᠪᠠᠶᠢᠭ᠎ᠠ ᠪᠠᠶᠢᠳᠠᠯ ᠵᠡᠷᠭᠡ ᠶᠢ ᠪᠠᠶᠢᠴᠠᠭᠠᠨ ᠦᠵᠡᠪᠡ᠃ ᠡᠭᠦᠨ ᠤ ᠬᠠᠮᠲᠤ᠂ ᠲᠠᠷᠢᠮᠠᠯ ᠤᠨ ᠡᠷᠦᠬᠡ ᠳᠤ ︽ᠬᠡᠷᠡᠭᠯᠡᠬᠦ ᠶᠢ ᠴᠠᠭᠠᠵᠠᠯᠠᠵᠤ ᠬᠢᠵᠠᠭᠠᠷᠯᠠᠭᠰᠠᠨ ᠲᠠᠷᠢᠶᠠᠨ ᠡᠮ ᠤᠨ ᠨᠡᠷᠡᠰ︾᠂ ︽ᠤᠷᠲᠤ ᠪᠤᠷᠴᠠᠭ ᠤᠨ ᠪᠠᠶᠢᠴᠠᠭᠠᠯᠳᠠ ᠳᠤ ᠪᠠᠶᠢᠩᠭᠤ ᠠᠰᠠᠭᠤᠳᠠᠯ ᠭᠠᠷᠳᠠᠭ ᠲᠠᠷᠢᠶᠠᠨ ᠡᠮ ᠤᠨ ᠨᠠᠷᠢᠨ ᠳᠠᠩᠰᠠ︾᠂ ︽ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ︽ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾᠂ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠮᠡᠳᠡᠯᠭᠡ᠂ ᠲᠠᠷᠢᠶᠠᠨ ᠡᠮ ᠤᠨ ᠠᠮᠤᠷ ᠲᠦᠪᠰᠢᠨ ᠤ ᠵᠠᠪᠰᠠᠷᠯᠠᠬᠤ ᠬᠤᠭᠤᠴᠠᠭ᠎ᠠ ᠵᠡᠷᠭᠡ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠠᠷᠢᠮᠠᠯ ᠤᠨ ᠡᠷᠦᠬᠡ ᠶᠢ ᠵᠢᠯᠣᠭᠤᠳᠤᠨ ᠲᠠᠷᠢᠶᠠᠨ ᠡᠮ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠬᠡᠷᠡᠭᠯᠡᠵᠦ᠂ ᠤᠷᠲᠤ ᠪᠤᠷᠴᠠᠭ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠠᠯᠠᠱᠠ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠨᠢ ᠲᠠᠷᠢᠶᠠᠯᠠᠩ ᠮᠠᠯ ᠠᠵᠤ ᠠᠬᠤᠢ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠲᠤᠷᠠᠨ ᠤᠷᠲᠤ ᠪᠤᠷᠴᠠᠭ ᠳᠠᠷᠢᠬᠤ ᠲᠤᠰᠬᠠᠢ ᠲᠣᠭᠤᠷᠢᠨ ᠪᠠᠶᠢᠴᠠᠭᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠨ ᠡᠮ ᠤᠨ ᠦᠯᠡᠳᠡᠭᠳᠡᠯ ᠤᠨ ᠪᠠᠷᠢᠮᠵᠢᠶ᠎ᠠ ᠠᠴᠠ ᠬᠡᠲᠦᠷᠡᠬᠦ ᠶᠢ ᠴᠢᠩᠭ᠎ᠠ ᠬᠠᠮᠢᠶᠠᠷᠤᠨ ᠡᠵᠡᠮᠳᠡᠵᠦ᠂ ᠬᠠᠤᠯᠢ ᠠᠴᠠ ᠵᠥᠷᠢᠴᠡᠨ ᠬᠡᠷᠡᠭᠯᠡᠬᠦ ᠶᠢ ᠴᠠᠭᠠᠵᠠᠯᠠᠬᠤ᠂ ᠲᠠᠷᠢᠶᠠᠨ ᠡᠮ ᠬᠡᠷᠡᠭᠯᠡᠬᠦ ᠶᠢ ᠬᠢᠵᠠᠭᠠᠷᠯᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠤᠷᠲᠤ ᠪᠤᠷᠴᠠᠭ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠬᠠᠮᠠᠭᠠᠯᠠᠨ᠎ᠠ᠃
 
ᠢᠷᠡᠯᠲᠡ᠄ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号