ᠮᠠᠨ ᠤ ᠣᠷᠣᠨ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠢᠶᠠᠷ 2000 ᠭᠠᠷᠤᠢ ᠵᠦᠢᠯ ᠤᠨ ᠰᠠᠶᠢᠨ ᠲᠠᠷᠢᠶᠠᠨ ᠦᠷ᠎ᠡ ᠶᠢ ᠲᠠᠨᠢᠯᠴᠠᠭᠤᠯᠪᠠ
ᠨᠡᠶᠢᠲᠡᠯᠡᠭᠰᠡᠨ ᠴᠠᠭ᠄
2024/6/17
      ᠡᠨᠡ ᠵᠢᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠤᠯ ᠤᠨ ︽ᠴᠢᠬᠢ ᠦᠵᠡᠵᠦ ᠦᠷ᠎ᠡ ᠰᠣᠩᠭᠤᠬᠤ︾ 60 ᠲᠠᠪᠴᠠᠩ ᠤᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠱᠠᠲᠤᠨ ᠤ ᠶᠡᠷᠦᠩᠬᠡᠶᠢᠯᠡᠭᠰᠡᠨ ᠴᠢᠨᠠᠷᠲᠠᠢ 7 ᠣᠷᠣᠨ ᠪᠦᠰᠡ ᠶᠢᠨ ᠲᠠᠪᠴᠠᠩ ᠢ ᠭᠤᠣᠯᠳᠠᠯᠭ᠎ᠠ ᠲᠠᠢ ᠪᠠᠶᠢᠭᠤᠯᠵᠤ᠂ ᠤᠤᠯ ᠤᠨ ᠲᠠᠩ ᠭᠠᠭᠴᠠ ᠲᠠᠷᠢᠮᠠᠯ ᠢ ᠳᠡᠯᠭᠡᠨ ᠲᠠᠨᠢᠯᠴᠠᠭᠤᠯᠵᠤ ᠵᠢᠱᠢᠶ᠎ᠡ ᠦᠵᠡᠭᠦᠯᠦᠨ ᠲᠠᠰ ᠳᠡᠪᠰᠢᠭᠦᠯᠵᠦ ᠪᠠᠶᠢᠭᠰᠠᠨ ᠠᠴᠠ ᠲᠤᠬᠠᠢ ᠶᠢᠨ ᠭᠠᠵᠠᠷ ᠤᠨ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠲᠠᠷᠢᠮᠠᠯ ᠢᠶᠠᠷ ᠭᠤᠣᠯᠳᠠᠭᠤᠯᠤᠭᠰᠠᠨ ᠣᠯᠠᠨ ᠵᠦᠢᠯ ᠤᠨ ᠲᠠᠷᠢᠮᠠᠯ ᠢ ᠶᠡᠷᠦᠩᠬᠡᠶᠢᠯᠡᠭᠰᠡᠨ ᠴᠢᠨᠠᠷᠲᠠᠢ ᠪᠠᠷ ᠳᠡᠯᠭᠡᠨ ᠲᠠᠨᠢᠯᠴᠠᠭᠤᠯᠵᠤ ᠵᠢᠱᠢᠶ᠎ᠡ ᠦᠵᠡᠭᠦᠯᠭᠦ ᠪᠣᠯᠭᠠᠨ ᠬᠤᠪᠢᠷᠠᠭᠤᠯᠵᠤ᠂ ᠪᠦᠭᠦ ᠣᠷᠣᠨ ᠤ ᠳᠡᠯᠭᠡᠨ ᠦᠵᠡᠭᠦᠯᠦᠭᠰᠡᠨ ᠲᠠᠷᠢᠶᠠᠨ ᠴᠢᠬᠢ ᠶᠢᠨ ᠲᠠᠯᠠᠪᠠᠶ 7000 ᠮᠦ ᠶᠢ ᠳᠠᠪᠠᠨ᠂ 2000 ᠭᠠᠷᠤᠢ ᠵᠦᠢᠯ ᠤᠨ ᠰᠠᠶᠢᠨ ᠲᠠᠷᠢᠶᠠᠨ ᠦᠷ᠎ᠡ ᠶᠢ ᠲᠠᠨᠢᠯᠴᠠᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠪᠠ ᠨᠡᠷᠡᠨ ᠬᠤᠸᠠᠷ ᠵᠡᠷᠭᠡ 9 ᠵᠦᠢᠯ ᠤᠨ ᠭᠤᠣᠯ ᠪᠤᠯᠬᠤ ᠠᠮᠤ ᠪᠤᠳᠠᠭᠠᠨ ᠤ ᠲᠠᠷᠢᠮᠠᠯ ᠪᠣᠯᠣᠨ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠲᠠᠷᠢᠮᠠᠯ ᠢ ᠬᠠᠮᠤᠷᠴᠠᠢ᠃      ᠪᠦᠭᠦ ᠣᠷᠣᠨ ᠤ ᠡᠯ᠎ᠡ ᠭᠠᠵᠠᠷ ᠤᠨ ᠬᠢᠨ ︽ᠴᠢᠬᠢ ᠦᠵᠡᠵᠦ ᠦᠷ᠎ᠡ ᠰᠣᠩᠭᠤᠬᠤ︾ᠲᠠᠪᠴᠠᠩ ᠢᠶᠠᠷ ᠲᠠᠮᠵᠢᠨ ᠰᠠᠶᠢᠨ ᠲᠠᠷᠢᠶᠠᠨ ᠦᠷ᠎ᠡ ᠶᠢ ᠰᠣᠩᠭᠤᠨ ᠲᠠᠨᠢᠯᠴᠠᠭᠤᠯᠬᠤ᠂ ᠠᠮᠤ ᠪᠤᠳᠠᠭᠠᠨ ᠤ ᠤᠨᠠᠯᠲᠠ ᠶᠢ ᠳᠡᠭᠡᠭᠰᠢᠯᠡᠭᠦᠯᠵᠤ ᠠᠰᠢᠭ ᠣᠷᠣᠯᠭ᠎ᠠ ᠶᠢ ᠨᠡᠮᠡᠭᠳᠡᠭᠦᠯᠬᠦ ᠳᠤ ᠦᠢᠯᠡᠴᠢᠯᠡᠬᠦ ᠪᠠᠷ ᠬᠠᠷᠠᠯᠲᠠ ᠪᠣᠯᠭᠠᠨ ᠰᠦᠯᠢᠶᠥᠦ ᠪᠦᠷᠬᠦᠪᠴᠢ ᠳᠠᠷᠤᠵᠤ ᠳᠤᠰᠤᠯᠭᠠᠨ ᠤᠰᠤᠯᠠᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠰᠦᠯᠢᠶᠥᠦ ᠪᠦᠷᠬᠦᠪᠴᠢ ᠳᠠᠷᠤᠬᠤ ᠦᠭᠡᠢ  ᠪᠠᠷ ᠭᠦᠶᠦᠬᠡᠨ ᠪᠤᠯᠠᠵᠤ ᠳᠤᠰᠤᠯᠭᠠᠨ ᠤᠰᠤᠯᠠᠬᠤ᠂ ᠳᠣᠬᠢᠭᠤᠷ ᠲᠤᠯᠤᠭᠠᠨ ᠣᠲᠣ ᠵᠠᠮᠴᠢᠯᠠᠭᠤᠷ ᠢᠶᠠᠷ ᠨᠠᠷᠢᠯᠢᠭ ᠬᠡᠮᠵᠢᠵᠦ ᠳᠠᠷᠢᠬᠤ ᠵᠡᠷᠭᠡ ᠮᠡᠷᠭᠡᠵᠢᠯ ᠤᠨ ᠵᠠᠭᠪᠤᠷ ᠢ ᠢᠵᠢ ᠪᠦᠷᠢᠳᠦᠭᠦᠯᠦᠨ ᠬᠡᠷᠡᠭᠵᠢᠭᠦᠯᠵᠦ᠂ ᠲᠥᠷᠥᠯ ᠵᠦᠢᠯ ᠤᠨ ᠣᠨᠴᠠᠯᠢᠭ ᠰᠢᠨᠵᠢ ᠶᠢ ᠢᠯᠡᠷᠡᠭᠦᠯᠬᠦ᠂ ᠤᠨᠠᠯᠲᠠ ᠶᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠠᠯᠳᠠ ᠬᠦᠴᠦᠨ ᠢ ᠪᠠᠳᠠᠷᠠᠭᠤᠯᠬᠤ ᠶᠢ ᠦᠨᠡᠨ ᠬᠦ ᠪᠠᠲᠤᠯᠠᠨ᠂ ᠰᠠᠶᠢᠨ ᠲᠠᠷᠢᠶᠠᠨ ᠦᠷ᠎ᠡ ᠰᠠᠶᠢᠨ ᠲᠠᠷᠢᠶᠠᠯᠠᠭ᠎ᠠ ᠶᠢᠨ ᠠᠷᠭ᠎ᠠ  ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠬᠥᠭᠵᠢᠯᠲᠡ ᠳᠤ ᠪᠦᠭᠦ ᠬᠦᠴᠦ ᠪᠠᠷ ᠢᠶᠠᠨ ᠦᠢᠯᠡᠴᠢᠯᠡᠵᠦ ᠪᠠᠶᠢᠨ᠎ᠠ᠃               ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ  ᠤ ᠲᠢᠩᠬᠢᠮ ᠤᠨ ᠬᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ  ᠢᠶᠠᠨ ᠲᠥᠪᠯᠡᠷᠡᠭᠦᠯᠵᠦ᠂ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠳᠤ ᠲᠦᠰᠢᠭᠯᠡᠨ ᠬᠤᠵᠢᠷᠯᠢᠭ ᠭᠠᠵᠠᠷ ᠲᠤ ᠲᠣᠬᠢᠷᠠᠮᠵᠢᠲᠠᠢ ᠲᠥᠷᠥᠯ ᠵᠦᠢᠯ ᠢ ᠰᠣᠩᠭᠤᠨ ᠪᠣᠶᠢᠵᠢᠭᠤᠯᠬᠤ ᠶᠢ ᠲᠦᠷᠭᠡᠳᠬᠡᠵᠦ᠂ ᠪᠣᠷᠣᠳᠣᠬᠤᠢ ᠶᠢᠨ ᠤᠰᠤᠯᠠᠯᠲᠠ  ᠶᠢᠨ ᠣᠷᠣᠨ᠂ ᠲᠦᠮᠡᠳ ᠤᠨ ᠲᠠᠯ᠎ᠠ ᠶᠢᠨ ᠤᠰᠤᠯᠠᠯᠲᠠ ᠶᠢᠨ ᠣᠷᠣᠨ ᠪᠣᠯᠣᠨ ᠪᠠᠷᠠᠭᠤᠨ ᠯᠢᠶᠣᠤ ᠾᠧ ᠭᠤᠣᠯ ᠤᠨ ᠤᠰᠤᠯᠠᠯᠲᠠ ᠶᠢᠨ ᠣᠷᠣᠨ ᠵᠡᠷᠭᠡ ᠭᠤᠷᠪᠠᠨ ᠶᠡᠭᠡ ᠤᠰᠤᠯᠠᠯᠲᠠ ᠶᠢᠨ ᠣᠷᠣᠨ ᠤ ᠪᠠᠶᠠᠨᠨᠠᠭᠤᠷ ᠬᠤᠲᠠ᠂ ᠭᠦᠭᠡᠬᠤᠲᠠ᠂ ᠪᠤᠭᠤᠲᠤ ᠬᠤᠲᠠ ᠪᠠ ᠲᠦᠩᠯᠢᠶᠣᠣ ᠬᠤᠲᠠ ᠳᠤ ᠬᠤᠵᠢᠷᠯᠢᠭ ᠭᠠᠵᠠᠷ ᠲᠤ ᠲᠣᠬᠢᠷᠠᠮᠵᠢᠲᠠᠢ ᠲᠥᠷᠥᠯ ᠵᠦᠢᠯ ᠢ ᠰᠢᠭᠰᠢᠨ ᠰᠣᠩᠭᠤᠵᠤ ᠵᠢᠱᠢᠶ᠎ᠡ ᠦᠵᠡᠭᠦᠯᠭᠦ ᠠᠵᠢᠯ ᠦᠷᠨᠢᠭᠦᠯᠪᠠ︔ ᠠᠮᠢᠳᠤ ᠪᠣᠳᠠᠰ ᠤᠨ ᠰᠢᠨ᠎ᠡ ᠦᠷ᠎ᠡ ᠶᠢ ᠳᠡᠯᠭᠡᠷᠡᠭᠦᠯᠦᠨ ᠲᠠᠰ ᠳᠡᠪᠰᠢᠭᠦᠯᠬᠦ ᠶᠢ ᠲᠦᠷᠭᠡᠳᠬᠡᠵᠦ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ᠂ ᠲᠦᠩᠯᠢᠶᠣᠣ ᠬᠤᠳᠠ ᠪᠠ ᠤᠯᠠᠭᠠᠨᠬᠠᠳᠠ ᠬᠤᠲᠠ ᠳᠤ ᠠᠮᠢᠳᠤ ᠪᠣᠳᠠᠰ ᠤᠨ ᠰᠢᠨ᠎ᠡ ᠦᠷ᠎ᠡ ᠶᠢ ᠳᠡᠯᠭᠡᠨ ᠲᠠᠨᠢᠯᠴᠠᠭᠤᠵᠤ ᠵᠢᠱᠢᠶ᠎ᠡ ᠦᠵᠡᠭᠦᠯᠭᠦ ᠠᠵᠢᠯ ᠦᠷᠨᠢᠭᠦᠯᠵᠠᠢ︔ ᠭᠤᠣᠯ ᠪᠤᠯᠬᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠠᠵᠢᠯᠯᠠᠭᠠᠨ ᠢ ᠠᠬᠢᠭᠤᠯᠵᠤ᠂ ᠡᠷᠳᠡᠨᠢ ᠰᠢᠰᠢ ᠶᠢᠨ ᠳᠤᠮᠳᠠ᠂ ᠣᠷᠣᠢ ᠪᠣᠯᠪᠠᠰᠤᠷᠠᠬᠤ ᠣᠷᠣᠨ ᠪᠣᠯᠣᠨ ᠪᠤᠷᠴᠠᠭ ᠤᠨ ᠡᠷᠲᠡ᠂ ᠳᠤᠮᠳᠠ ᠪᠣᠯᠪᠠᠰᠤᠷᠠᠬᠤ ᠣᠷᠣᠨ ᠳᠤ ᠥᠨᠳᠥᠷ ᠤᠨᠠᠯᠲᠠᠲᠤ ᠲᠠᠷᠢᠶᠠᠨ ᠦᠷ᠎ᠡ ᠶᠢᠨ ᠤᠷᠤᠯᠳᠤᠭᠠᠨ ᠥᠷᠨᠢᠭᠦᠯᠪᠡ᠃ ᠮᠠᠨ ᠤ ᠣᠷᠣᠨ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠳᠤ ᠲᠦᠰᠢᠭᠯᠡᠨ ᠡᠯ᠎ᠡ ᠣᠷᠣᠨ ᠪᠦᠰᠡ ᠪᠣᠯᠣᠨ ᠵᠠᠬ᠎ᠠ ᠳᠡᠯᠭᠡᠭᠦᠷ ᠤᠨ ᠲᠠᠷᠢᠶᠠᠨ ᠦᠷ᠎ᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠤᠨᠠᠯᠲᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠠᠮᠤ ᠪᠤᠳᠠᠭᠠᠨ ᠤ ᠠᠮᠤᠷ ᠲᠦᠪᠰᠢᠨ ᠬᠠᠩᠭᠠᠯᠭ᠎ᠠ ᠶᠢ ᠪᠠᠲᠤᠯᠠᠬᠤ  ᠳᠤ ᠦᠷ᠎ᠡ ᠶᠢᠨ ᠦᠢᠯᠡᠰ ᠤᠨ ᠬᠦᠴᠦᠲᠡᠢ ᠲᠤᠯᠭᠠᠭᠤᠷᠢᠯᠠᠯ ᠬᠠᠩᠭᠠᠵᠤ ᠪᠤᠢ᠃ ᠪᠦᠭᠦ ᠣᠷᠣᠨ ᠢᠶᠠᠷ ᠢᠶᠠᠨ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠪᠣᠯᠣᠨ ᠡᠯ᠎ᠡ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠵᠢᠯᠲᠠᠨ᠂ ᠦᠷ᠎ᠡ ᠶᠢᠨ ᠦᠢᠯᠡᠰ ᠤᠨ ᠠᠵᠤ ᠠᠬᠤᠶᠢᠯᠠᠯ ᠵᠡᠷᠭᠡ ᠶᠢᠨ ᠬᠠᠮᠲᠤᠷᠠᠯᠴᠠᠭ᠎ᠠ ᠳᠣᠣᠷ᠎ᠠ ᠰᠠᠶᠢᠨ ᠲᠠᠷᠢᠶᠠᠨ ᠦᠷ᠎ᠡ ᠶᠢ ᠲᠦᠭᠡᠮᠡᠯᠵᠢᠭᠦᠯᠬᠦ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠬᠡᠰᠡᠭ ᠲᠠᠷᠢᠮᠠᠯ ᠨᠢ ᠨᠢᠭᠡᠨᠲᠡ ᠴᠢᠬᠢ ᠪᠠᠷᠢᠵᠤ᠂ ᠤᠷᠭᠤᠴᠠ ᠨᠢ ᠮᠠᠰᠢ ᠰᠠᠶᠢᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号